︽ᠬᠦᠷᠢᠶ᠎ᠡ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠬᠦᠯᠵᠢᠯᠡᠨ ᠦᠷᠨᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/24
    ᠨᠡᠶᠢᠲᠡᠯᠡᠭᠰᠡᠨ ᠠᠬᠤᠶ ᠪᠠᠶᠢᠳᠠᠯ᠄ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ 11 ᠰᠠᠷ᠎ᠠ ᠶᠢᠨ ᠳᠤᠮᠳᠠᠴᠢ ᠠᠴᠠ ᠡᠬᠢᠯᠡᠨ ᠪᠥᠬᠦ ᠬᠤᠰᠢᠭᠤᠨ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠭᠤᠣᠯ ᠬᠠᠷᠠᠯᠲᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠦᠭᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠤᠨ ᠲᠤᠰᠬᠠᠢ ᠠᠵᠢᠯᠯᠠᠭ᠎ᠠ ᠶᠢ ᠭᠦᠨᠵᠡᠭᠡᠶ ᠠᠬᠢᠭᠤᠯᠬᠤ ᠪᠠᠷ ᠳᠠᠮᠵᠢᠭᠤᠯᠤᠨ᠂ ᠨᠢᠭᠡ ᠪᠦᠯᠦᠭ ᠠᠰᠠᠭᠤᠳᠠᠯ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠨᠢᠭᠡ ᠪᠦᠯᠦᠭ ᠠᠰᠠᠭᠤᠳᠠᠯ ᠤᠨ ᠰᠦᠪᠡᠭᠴᠢ ᠶᠢ ᠲᠤᠶᠢᠯᠪᠤᠷᠢᠲᠠᠢ ᠡᠮᠬᠢᠯᠡᠵᠦ᠂ ᠨᠢᠭᠡ ᠪᠦᠯᠦᠭ ᠳᠤᠪᠤᠶᠢᠮ᠎ᠠ ᠠᠰᠠᠭᠤᠳᠠᠯ ᠢ ᠲᠥᠪ ᠴᠢᠩᠭ᠎ᠠ ᠪᠠᠷ ᠪᠠᠶᠢᠴᠠᠭᠠᠨ ᠭᠠᠷᠭᠠᠵᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠠ ᠶᠢ ᠨᠡᠶᠢᠲᠡᠯᠡᠨ ᠢᠯᠡᠴᠢᠯᠡᠵᠦ᠂ ᠨᠢᠭᠡ ᠢᠵᠢ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠮᠠᠨ ᠤ ᠬᠤᠰᠢᠭᠤᠨ ᠤ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠤᠨ ︽ᠬᠤᠷᠢᠭᠯᠠᠬᠤ ᠥᠬᠡᠶ ᠠᠪᠬᠤ ᠥᠬᠡᠶ᠂ ᠬᠤᠶᠢᠰᠢᠯᠠᠭᠤᠯᠬᠤ ᠥᠬᠡᠶ ᠲᠦᠯᠬᠢᠬᠦ ᠦᠭᠡᠢ᠂ ᠮᠡᠬᠡᠯᠡᠬᠦ ᠥᠬᠡᠶ ᠨᠢᠭᠤᠬᠤ ᠥᠬᠡᠶ᠂ ᠬᠠᠷᠰᠢᠯᠠᠬᠤ ᠥᠬᠡᠶ ᠳᠤᠷ᠎ᠠ ᠦᠭᠡᠶᠢᠴᠡᠬᠦ ᠥᠬᠡᠶ᠂ ᠢᠯᠳᠠᠷ ᠬᠠᠶᠠᠬᠤ ᠦᠭᠡᠢ ᠥᠮᠥᠭᠯᠡᠬᠦ ᠥᠬᠡᠶ︾ ᠪᠠᠶᠢᠬᠤ ᠶᠢ ᠦᠨᠡᠨᠬᠦ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠥᠭᠭᠦᠨ᠎ᠡ᠃    ᠴᠡᠭᠴᠡᠯᠡᠨ ᠵᠠᠰᠠᠬᠤ ᠭᠤᠤᠯᠳᠠᠯᠭ᠎ᠠ᠄ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ᠂ ᠵᠠᠰᠠᠭ   ᠤᠨ ᠶᠠᠪᠤᠳᠠᠯ  ᠤᠨ ᠦᠢᠯᠡᠴᠢᠯᠡᠭᠡᠨ  ᠤ ᠬᠦᠷᠢᠶ᠎ᠡ ᠵᠡᠷᠭᠡ 13 ᠲᠠᠯ᠎ᠠ ᠶᠢᠨ ᠠᠰᠠᠭᠤᠳᠠᠯ ᠢ ᠪᠠᠭᠲᠠᠭᠠᠭᠰᠠᠨ ᠪᠠᠶᠢᠨ᠎ᠠ᠃ ᠪᠣᠳᠠᠲᠠᠶ ᠪᠠᠷ ᠳᠣᠤᠷᠠᠬᠢ ᠮᠡᠲᠦ᠄ ︵ᠨᠢᠭᠡ︶ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠦ ᠭᠡᠷ᠎ᠡ ᠭᠦᠢᠴᠡᠳᠭᠡᠬᠦ ᠲᠣᠭᠲᠠᠴᠠ ᠲᠡᠭᠦᠯᠳᠡᠷ ᠪᠤᠰᠤ᠂ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠃ ︵ᠬᠤᠶᠠᠷ︶ ᠰᠢᠨ᠎ᠡ ᠲᠤᠰᠢᠶᠠᠯᠲᠠᠨ ᠬᠠᠭᠤᠴᠢᠨ ᠲᠡᠩᠰᠠ ᠶᠢ ᠬᠠᠮᠢᠶᠠᠷᠬᠤ ᠤᠢᠭᠡᠢ︔ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠤᠯᠢ ᠶᠣᠰᠣᠭᠠᠷ ᠭᠠᠷ ᠤᠨ ᠥᠰᠥᠭ ᠵᠢᠷᠤᠭᠰᠠᠨ ᠡᠯ᠎ᠡ ᠲᠥᠷᠥᠯ ᠤᠨ ᠭᠡᠷ᠎ᠡ ᠶᠢ ᠭᠦᠢᠴᠡᠳᠭᠡᠬᠦ ᠥᠬᠡᠶ᠂ ᠡᠰᠡᠬᠦᠯ᠎ᠡ ᠭᠡᠷ᠎ᠡ ᠠᠴᠠ ᠵᠥᠷᠢᠴᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡᠨ ᠵᠡᠷᠭᠡ ᠶᠢᠨ ᠲᠠᠩᠰᠠᠨ ᠵᠣᠭᠤᠰ ᠢ ᠥᠷᠢᠲᠦᠬᠦ᠃ ︵ᠭᠤᠷᠪᠠ︶ 2020 ᠣᠨ ᠳᠤ ᠤᠯᠤᠰ ᠠᠴᠠ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠥᠩᠭᠦ ᠥᠭᠬᠦ ᠶᠢ ᠪᠠᠲᠤᠯᠠᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠮᠥᠨ ᠬᠦ ᠬᠠᠤᠯᠢ ᠶᠢ ᠵᠥᠷᠢᠴᠡᠨ ᠢᠲᠡᠭᠡᠯ ᠢᠶᠠᠨ ᠠᠯᠳᠠᠵᠤ᠂ ᠪᠣᠯᠵᠤᠭ᠎ᠠ ᠶᠣᠰᠣᠭᠠᠷ ᠭᠡᠷ᠎ᠡ ᠶᠢᠨ ᠲᠠᠩᠰᠠᠨ ᠤ ᠵᠣᠭᠤᠰ ᠢ ᠴᠠᠭ ᠲᠤᠬᠠᠶ ᠳᠤᠨᠢ ᠳᠥᠯᠥᠭᠰᠡᠨ ᠥᠬᠡᠶ᠃ ︵ᠲᠥᠷᠪᠡ︶ ᠡᠷᠬᠡ ᠲᠤᠰᠢᠶᠠᠯ ᠪᠤᠶᠤ ᠠᠵᠢᠯ ᠤᠨ ᠲᠠᠯ᠎ᠠ ᠪᠠᠷ ᠬᠢ ᠲᠥᠭᠦᠮ ᠢᠶᠠᠨ ᠠᠰᠢᠭᠯᠠᠨ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠲᠠᠯ᠎ᠠ ᠪᠠᠷ ᠳᠠᠭᠠᠭᠠᠴᠢᠯᠠᠯᠲᠠ ᠳᠤ ᠰᠥᠯᠪᠡᠭᠡᠯᠳᠦᠨ ᠬᠤᠣᠪᠢᠯᠳᠤᠬᠤ᠂ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠠᠴᠠ ᠵᠠᠶᠢᠯᠠᠨ᠂ ᠢᠳᠡᠬᠦ ᠠᠪᠬᠤ ᠬᠤᠷᠢᠭᠯᠠᠬᠤ ᠠᠯᠪᠠᠳᠠᠬᠤ᠂ ᠵᠦᠢ ᠶᠣᠰᠣᠨ ᠤ ᠪᠤᠰᠤ ᠠᠰᠢᠭ ᠤᠯᠬᠤ᠃ ︵ᠲᠠᠪᠤ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠶᠢ ᠠᠰᠢᠭᠯᠠᠨ ︽ᠢᠳᠡᠬᠦ ᠠᠪᠬᠤ ᠬᠤᠷᠢᠭᠯᠠᠬᠤ ᠠᠯᠪᠠᠳᠠᠬᠤ︾᠃ ︵ᠵᠢᠷᠭᠤᠭ᠎ᠠ︶ ᠠᠵᠤ ᠠᠬᠤᠶᠢᠯᠠᠯ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠤᠳᠠᠭᠠᠰᠢᠷᠠᠭᠤᠯᠤᠨ ᠬᠤᠶᠢᠰᠢᠯᠠᠭᠤᠯᠵᠤ ᠲᠤᠭᠤᠷᠢᠭᠤᠯᠤᠨ᠂ ᠰᠢᠢᠳᠪᠦᠷᠢᠯᠡᠬᠦ ᠦᠭᠡᠢ᠂ ᠬᠠᠷᠢᠭᠤ ᠲᠤᠰᠬᠠᠬᠤ ᠦᠭᠡᠢ᠃ ︵ᠳᠣᠯᠤᠭ᠎ᠠ︶ ᠡᠯ᠎ᠡ ᠵᠦᠢᠯ ᠤᠨ ᠰᠢᠯᠲᠠᠭᠠᠨ ᠢ ᠨᠠᠶᠢᠷᠠᠭᠤᠯᠤᠨ ᠵᠣᠬᠢᠶᠠᠵᠤ ᠠᠵᠤ ᠠᠬᠤᠶᠢᠯᠠᠯ ᠤᠨ ᠳᠤᠷᠠᠳᠤᠭᠰᠠᠨ ᠬᠠᠤᠯᠢ ᠶᠣᠰᠣᠨ ᠤ ᠭᠤᠶᠤᠴᠢᠯᠠᠯ ᠢ ᠥᠯᠥ ᠭᠥᠯᠢᠶᠡᠨ ᠠᠪᠴᠤ ᠰᠢᠢᠳᠪᠦᠷᠢᠯᠡᠬᠦ᠂ ᠥᠯᠥ ᠭᠦᠢᠴᠡᠳᠭᠡᠬᠦ᠃ ︵ᠨᠠᠢᠮᠠ︶ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠵᠦᠢᠯᠡᠰ ᠢ ᠲᠣᠭᠲᠠᠭᠠᠯ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ᠣᠷᠤᠭᠤᠯᠤᠭᠰᠠᠨ ᠥᠬᠡᠶ᠃ ︵ᠶᠢᠰᠦ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠣᠭᠲᠠᠭᠠᠯ ᠶᠣᠰᠣᠭᠠᠷ ︽ᠶᠡᠷᠦᠩᠬᠡᠶᠢᠯᠡᠭᠰᠡᠨ ᠴᠣᠩᠬᠤᠪᠴᠢ︾ ᠳᠤ ᠣᠷᠣᠭᠤᠯᠵᠤ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠭᠰᠡᠨ ᠥᠬᠡᠶ᠃ ︵ᠠᠷᠪᠠ︶ ᠥᠯᠥ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠲᠤ ᠥᠯᠥ ᠭᠥᠯᠢᠶᠡᠨ ᠠᠪᠴᠤ ᠰᠢᠢᠳᠪᠦᠷᠢᠯᠡᠬᠦ ᠶᠢ ᠮᠡᠳᠡᠭᠳᠡᠬᠦ ᠪᠢᠴᠢᠭ ᠤᠨ ᠬᠠᠭᠤᠳᠠᠰᠤ ᠥᠯᠥ ᠭᠠᠷᠭᠠᠵᠤ ᠥᠭᠬᠦ᠃ ︵ᠠᠷᠪᠠᠨ ᠨᠢᠭᠡ︶  ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠣᠭᠲᠠᠭᠠᠯ ᠶᠣᠰᠣᠭᠠᠷ ᠬᠡᠷᠡᠭᠯᠡᠬᠦ ᠦᠭᠡᠢ ᠪᠠᠷ ᠬᠢᠨᠠᠨ ᠵᠥᠪᠰᠢᠶᠡᠷᠡᠬᠦ ᠦᠢᠯᠡᠴᠢᠯᠡᠭᠡ ᠥᠷᠨᠢᠭᠦᠯᠬᠦ᠃ ︵ᠠᠷᠪᠠᠨ ᠬᠤᠶᠠᠷ ︶ ᠲᠣᠭᠲᠠᠭᠠᠯ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠤᠷᠢᠳᠠᠴᠢ ᠨᠥᠬᠦᠴᠡᠯ ᠢ ᠲᠣᠬᠢᠷᠠᠭᠤᠯᠬᠤ᠃ ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠥᠯᠥᠪᠯᠡᠭᠡ ᠶᠣᠰᠣᠭᠠᠷ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠥᠬᠡᠶ᠂ ᠡᠰᠡᠬᠦᠯ᠎ᠡ ᠨᠢᠭᠡᠨ ᠠᠵᠤ ᠠᠬᠤᠶᠢᠯᠠᠯ ᠳᠤ ᠳᠠᠬᠢᠨ ᠳᠠᠪᠲᠠᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢ ᠬᠠᠷᠰᠢᠯᠠᠬᠤ᠃ ︵ᠤᠯᠤᠰ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠠᠶᠤᠯᠭᠦᠶ ᠦᠢᠯᠡᠳᠪᠦᠷᠢᠯᠡᠯ᠂ ᠣᠨᠴᠠ ᠲᠥᠷᠥᠯ ᠤᠨ ᠠᠵᠢᠯ ᠲᠥᠷᠥᠯ ᠳᠤ ᠬᠤᠯᠪᠣᠭᠳᠠᠬᠤ ᠵᠡᠷᠭᠡ ᠶᠢ ᠲᠣᠰ ᠤᠳᠠᠭᠠᠨ ᠤ ᠴᠡᠭᠴᠡᠯᠡᠨ ᠵᠠᠰᠠᠬᠤ ᠬᠡᠪᠴᠢᠶᠡᠨ ᠳᠤ ᠣᠷᠣᠭᠤᠯᠬᠤ ᠥᠬᠡᠶ︶    ᠪᠠᠲᠤᠯᠠᠭ᠎ᠠ ᠶᠢᠨ ᠠᠷᠭ᠎ᠠ ᠬᠡᠮᠵᠢᠶ᠎ᠡ᠄ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠦᠳᠲᠡᠷ ᠲᠦᠷᠭᠡᠨ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠨᠢᠭᠡᠳᠦᠯᠲᠡᠶ ᠲᠥᠯᠥᠪᠯᠡᠬᠦ ᠪᠠ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠴᠠᠩᠭᠤᠶ ᠠᠵᠢᠯ ᠤᠨ ᠲᠥᠰᠦᠯ ᠲᠣᠭᠲᠠᠭᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠥᠪᠡᠷ ᠢᠶᠠᠨ ᠪᠠᠶᠢᠴᠠᠭᠠᠬᠤ᠂ ᠰᠢᠯᠵᠢᠭᠦᠯᠦᠨ ᠰᠢᠢᠳᠪᠦᠷᠢᠯᠡᠭᠦᠯᠬᠦ ᠲᠤᠰᠢᠶᠠᠨ ᠥᠭᠴᠦ ᠰᠢᠢᠳᠪᠦᠷᠢᠯᠡᠭᠦᠯᠬᠦ ᠡᠭᠦᠷᠭᠡ ᠶᠢ ᠲᠡᠷᠡ ᠳᠠᠷᠤᠶ ᠳᠤᠨᠢ ᠪᠠᠶᠢᠴᠠᠭᠠᠨ ᠬᠠᠷᠭᠤᠭᠤᠯᠵᠤ᠂ ᠲᠡᠷᠡ ᠶᠣᠰᠣᠭᠠᠷ ᠨᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠤᠨ ᠲᠤᠰᠬᠠᠶ ᠠᠵᠢᠯᠯᠠᠭ᠎ᠠ ᠶᠢ ᠬᠠᠰᠢ ᠶᠠᠰᠢ ᠪᠠᠷ ᠥᠩᠭᠡᠷᠡᠭᠦᠯᠬᠦ ᠥᠬᠡᠶ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠵᠢᠯ ᠢᠶᠠᠨ ᠤᠷᠳᠤ ᠬᠤᠭᠤᠴᠠᠭᠠᠨ ᠤ ᠪᠦᠲᠦᠮᠵᠢᠲᠡᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃    ︵ᠭᠤᠷᠪᠠ︶ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠨ᠎ᠠ᠃ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠬᠤ ᠬᠡᠷᠡᠭᠲᠡᠢ᠃ ᠢᠯᠡᠷᠡᠭᠦᠯᠦᠭᠰᠡᠨ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ ᠵᠥᠪ ᠴᠢᠭᠯᠡᠯ ᠲᠠᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ ᠳᠠᠷᠤᠢ ᠮᠡᠳᠡᠵᠦ ᠳᠠᠷᠤᠶᠢᠬᠠᠨ  ᠦᠭᠡᠷᠡᠴᠢᠯᠡᠨ ᠠᠬᠢᠭᠤᠯᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠳ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠭᠰᠠᠨ ᠪᠣᠯᠪᠠᠴᠤ ᠪᠣᠳᠠᠲᠠᠢ ᠪᠢᠰᠢ ᠪᠠᠶᠢᠬᠤ ᠶᠢ ᠴᠢᠩᠭ᠎ᠠ ᠰᠡᠷᠭᠡᠶᠢᠯᠡᠨ᠎ᠡ᠃ ᠬᠠᠮᠲᠤ ᠳᠤᠨᠢ᠂ ᠬᠠᠮᠢᠶ᠎ᠠ ᠪᠥᠬᠦᠶ ᠭᠠᠵᠠᠷ ᠣᠷᠣᠨ ᠰᠠᠯᠠᠭ᠎ᠠ ᠮᠥᠴᠢᠷ ᠤᠨ ᠠᠵᠢᠯᠲᠠᠨ ᠤ ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠭᠰᠡᠨ ᠠᠴᠠ ᠪᠣᠯᠤᠭᠰᠠᠨ ᠲᠣᠪᠤᠶᠢᠮ᠎ᠠ ᠠᠰᠠᠭᠤᠳᠠᠯ ᠢ ︽ᠬᠦᠷᠢᠶ᠎ᠡ ᠬᠤᠰᠢᠭᠤᠨ ᠤ ᠬᠢᠨᠠᠯᠲᠠ ᠲᠠᠯᠪᠢᠵᠤ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠲᠠᠪᠴᠠᠩ︾ ᠳᠤ ᠣᠷᠣᠭᠤᠯᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠰᠢᠢᠳᠪᠦᠷᠢᠯᠡᠬᠦ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠲᠡᠷᠢᠭᠦᠨ ᠤ ᠬᠡᠪ ᠳᠠᠭᠤᠷᠢᠶᠠᠯ ᠢ ᠢᠳᠡᠪᠬᠢᠲᠡᠶ ᠤᠬᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠰᠦᠷᠳᠡᠭᠦᠯᠬᠦ ᠬᠦᠴᠦᠨ ᠢ ᠴᠢᠩᠭᠠᠳᠬᠠᠬᠤ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠦᠢᠯᠡᠳᠦᠯ ᠢ ᠭᠦᠢᠴᠡᠳ  ᠪᠠᠳᠠᠷᠠᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠡᠷᠡᠭ ᠢᠶᠠᠷ ᠲᠤᠯᠢ ᠪᠣᠯᠭᠠᠨ᠂ ᠬᠡᠷᠡᠭ ᠢ ᠭᠠᠷᠬᠤ ᠠᠴᠠ ᠡᠮᠦᠨ᠎ᠡ ᠨᠢ ᠰᠡᠷᠭᠡᠶᠢᠯᠡᠵᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠤᠨ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠦᠲᠦᠮᠵᠢᠲᠡᠶ ᠰᠠᠶᠢᠲᠤᠷ ᠬᠢᠬᠦ ᠳᠤ ᠰᠠᠶᠢᠨ ᠰᠠᠶᠢᠬᠠᠨ ᠰᠠᠭᠤᠷᠢ ᠶᠢ ᠬᠠᠩᠭᠠᠨ᠎ᠠ᠃
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号