︽ᠨᠠᠮ ᠤᠨ ᠠᠴᠢ ᠳᠤ ᠲᠠᠯᠠᠷᠬᠠᠬᠤ ᠨᠠᠮ ᠤᠨ ᠦᠭᠡ ᠶᠢ ᠰᠣᠨᠤᠰᠬᠤ ᠨᠠᠮ ᠢᠶᠠᠨ ᠳᠠᠭᠠᠬᠤ︾ ᠭᠡᠬᠦ ᠬᠦᠷᠢᠶ᠎ᠡ ᠬᠤᠰᠢᠭᠤᠨ ᠤ ᠨᠤᠲᠤᠭ ᠤᠨ ᠤᠤᠭᠠᠯ ᠳᠠᠭᠤᠤ ᠬᠥᠭᠵᠢᠮ ᠤᠨ ᠪᠦᠲᠦᠭᠡᠯ ᠤᠨ ᠳᠠᠭᠤᠤ ᠶᠢᠨ ᠦᠳᠡᠰᠢᠯᠡᠭᠡ ᠶᠢ ᠡᠷᠭᠢᠯᠡᠪᠡ
ᠨᠡᠶᠢᠲᠡᠯᠡᠭᠰᠡᠨ ᠴᠠᠭ᠄
2023/11/6
  11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠤᠯᠠᠭᠠᠨᠮᠥ᠋ᠴᠢᠷ᠂ ᠬᠤᠰᠢᠭᠤᠨ ᠤ ᠰᠣᠶᠣᠯ ᠤᠨ ᠣᠷᠳᠣᠨ ᠠᠴᠠ ᠬᠠᠮᠵᠢᠨ ᠡᠷᠭᠢᠯᠡᠭᠰᠡᠨ ︽ᠨᠠᠮ ᠤᠨ ᠠᠴᠢ ᠳᠤ ᠲᠠᠯᠠᠷᠬᠠᠬᠤ  ᠨᠠᠮ ᠤᠨ ᠦᠭᠡ ᠶᠢ ᠰᠣᠨᠣᠰᠬᠤ  ᠨᠠᠮ ᠢᠶᠠᠨ ᠳᠠᠭᠠᠬᠤ︾ ᠭᠡᠬᠦ ᠬᠦᠷᠢᠶ᠎ᠡ ᠬᠤᠰᠢᠭᠤᠨ ᠤ ᠨᠤᠲᠤᠭ ᠤᠨ ᠤᠤᠭᠠᠯ ᠳᠠᠭᠤᠤ ᠬᠥᠭᠵᠢᠮ ᠤᠨ ᠪᠦᠲᠦᠭᠡᠯ ᠤᠨ  ᠲᠤᠭᠯᠠᠯᠲᠠ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠱᠦ ᠯᠢᠩ ᠠᠵᠢᠯᠯᠠᠭ᠎ᠠ ᠳᠤ ᠣᠷᠣᠯᠴᠠᠵᠠᠶ᠃   ᠲᠤᠭᠯᠠᠯᠲᠠ ᠨᠢ ︽ᠮᠠᠤ ᠲᠡᠷᠢᠭᠦᠯᠡᠭᠴᠢ ᠲᠠ ᠪᠣᠯ ᠮᠠᠨ ᠤ ᠰᠡᠳᠬᠢᠯ ᠵᠢᠷᠦᠬᠡᠨ ᠳᠠᠬᠢ ᠤᠯᠠᠭᠠᠨ ᠨᠠᠷᠠ ᠮᠥᠨ︾ ᠭᠡᠬᠦ ᠨᠠᠶᠢᠷᠠᠯ ᠳᠠᠭᠤᠤ ᠪᠠᠷ ᠬᠥᠰᠢᠭᠡ ᠪᠠᠨ ᠰᠡᠬᠦᠵᠦ᠂ ᠡᠮᠡᠭᠲᠡᠶ ᠶᠢᠨ ᠭᠤᠴᠣᠯᠠᠯ ᠳᠠᠭᠤᠤ ︽ᠵᠣᠯ  ᠵᠢᠷᠭᠠᠯᠲᠤ  ᠭᠡᠷ  ᠣᠷᠣᠨ  ᠬᠦᠷᠢᠶ᠎ᠡ︾᠂  ︽ᠬᠦᠷᠢᠶ᠎ᠡ ᠠᠮᠢᠨ ᠬᠠᠶᠢᠷᠠᠲᠠᠢ ᠨᠣᠲᠤᠭ︾  ᠂  ᠳᠥᠷᠪᠡᠨ ᠬᠦᠮᠦᠨ ᠤ  ᠳᠠᠭᠤᠤ   ︽ᠲᠠᠯᠠᠷᠬᠠᠯ︾᠂  ︽ᠮᠠᠷᠭᠠᠰᠢ ᠨᠠᠩ ᠰᠠᠶᠢᠨ ᠰᠠᠶᠢᠬᠠᠨ︾᠂ ᠡᠷᠡᠭᠲᠡᠶ ᠶᠢᠨ ᠬᠠᠮᠲᠤ ᠶᠢᠨ ᠳᠠᠭᠤᠤ ︽ᠦᠵᠡᠰᠬᠦᠯᠡᠩᠲᠦ ᠰᠠᠶᠢᠬᠠᠨ ᠨᠤᠲᠤᠭ ᠤᠰᠤ︾ ᠵᠡᠷᠭᠡ ᠲᠣᠭᠯᠠᠯᠲᠠ ᠨᠢ ᠦᠵᠡᠭᠴᠢᠳ ᠤᠨ ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢᠨ ᠬᠡᠯᠪᠡᠷᠢ ᠪᠠᠷ ᠨᠠᠮ ᠤᠨ ᠠᠴᠢ ᠶᠢ ᠮᠠᠭᠲᠠᠨ ᠳᠠᠭᠤᠯᠠᠵᠤ᠂ ᠨᠤᠲᠤᠭ ᠣᠷᠣᠨ ᠤ ᠰᠣᠶᠣᠯ ᠢ ᠤᠬᠠᠭᠤᠯᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠴᠢᠩ ᠦᠨᠡᠨᠴᠢ ᠰᠡᠳᠬᠢᠯᠭᠡ ᠶᠢ ᠢᠯᠡᠳᠬᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号