ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ | ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ | ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠲᠦᠩᠯᠢᠶᠣᠣ | ᠬᠤᠲᠠ ᠶᠢᠨ ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠬᠦ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2022 ᠣᠨ ᠤ 12 ᠳ᠋ᠤᠭᠠᠷ ᠰᠠᠷ᠎ᠠ ᠶᠢᠨ 23 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠲᠦᠩᠯᠢᠶᠣᠣ ᠬᠤᠲᠠ ᠶᠢᠨ ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ | ᠲᠤᠰᠠᠯᠠᠬᠤ ᠳᠦᠷᠢᠮ ᠢ ᠪᠦᠷᠢᠨᠰᠢᠭᠦᠯᠬᠦ ᠬᠡᠷᠡᠭᠵᠢᠭᠦᠯᠬᠦ ᠲᠥᠰᠥᠯ | ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ | ᠲᠥᠯᠥᠭᠡ ᠬᠦᠨᠳᠦ ᠡᠪᠡᠳᠴᠢᠲᠡᠨ ᠪᠠ ᠬᠦᠴᠢᠷᠳᠡᠯ ᠲᠠᠢ ᠣᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠡᠮᠴᠢᠯᠡᠭᠡᠨ ᠤ ᠪᠠᠲᠤᠯᠠᠪᠤᠷᠢ ᠶᠢᠨ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ | ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ | ᠪᠠᠬᠢᠵᠢᠭᠦᠯᠵᠦ᠂ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠦᠨ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ | 2022︺ 41 ᠳ᠋ᠦ᠋ᠭᠡᠷ ᠲᠣᠭᠠᠲᠤ︶ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠦᠩᠯᠢᠶᠣᠣ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ | ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠮᠲᠤᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠵᠤ᠂ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ | ᠨᠡᠩ ᠦᠷᠭᠦᠯᠵᠢᠯᠡᠭᠦᠯᠬᠦ ᠶᠢ ᠠᠬᠢᠭᠤᠯᠤᠨ᠎ᠠ᠃ ᠬᠦᠴᠢᠷᠳᠡᠯ ᠲᠠᠢ ᠣᠯᠠᠨ ᠲᠦᠮᠡᠨ ᠤ ᠬᠦᠨᠳᠦ ᠣᠨᠴᠠ ᠶᠡᠭᠡ | ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠠᠩᠬᠠᠷᠤᠯ ᠢᠶᠠᠨ ᠲᠥᠪᠯᠡᠷᠡᠭᠦᠯᠦᠨ ᠬᠥᠩᠭᠡᠷᠡᠭᠦᠯᠵᠦ᠂ | ᠡᠪᠡᠳᠴᠢᠨ ᠠᠴᠠ ᠪᠣᠯᠵᠤ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠡᠶᠡᠷᠡᠭᠦᠯᠬᠦ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ︵ᠳᠣᠷᠣᠭᠰᠢ ᠭᠤᠷᠪᠠᠨ | ᠳᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠵᠤ᠂ | ᠬᠦᠴᠢᠷᠳᠡᠯᠲᠡᠢ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠢ | ᠪᠠᠷᠢᠮᠲᠠᠯᠠᠨ ᠲᠣᠭᠲᠠᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ | ᠪᠠᠶᠢᠬᠤ ᠶᠢ ᠦᠨᠡᠨᠬᠦ ᠪᠠᠲᠤᠯᠠᠵᠤ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ ᠦᠨᠳᠦᠰᠦᠨ | ᠠᠮᠢᠳᠤᠷᠠᠯ ᠨᠢ ᠨᠦᠯᠦᠭᠡᠯᠡᠭᠳᠡᠬᠦ ᠦᠭᠡᠢ ᠪᠠᠶᠢᠬᠤ ᠶᠢ ᠪᠠᠲᠤᠯᠠᠬᠤ ᠶᠢᠨ ᠬᠠᠮᠲᠤ ᠬᠡᠲᠦ ᠪᠠᠲᠤᠯᠠᠭ᠎ᠠ ᠠᠴᠠ ᠵᠠᠶᠢᠯᠠᠰᠬᠢᠨ᠎ᠡ᠃ | ᠭᠤᠷᠪᠠᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠨᠢᠭᠦᠯᠡᠰᠦᠩᠭᠦᠢ ᠶᠢᠨ ᠠᠪᠤᠷᠠᠨ ᠲᠤᠰᠠᠯᠠᠬᠤ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠯᠦᠭᠡ ᠵᠣᠬᠢᠴᠠᠯᠳᠤᠭᠤᠯᠤᠨ ᠬᠥᠭᠵᠢᠭᠦᠯᠬᠦ᠂ ᠪᠦᠲᠦᠮᠵᠢᠲᠡᠶ | ᠵᠣᠯᠭᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠣᠯᠠᠨ ᠲᠠᠯ᠎ᠠ ᠶᠢᠨ ᠬᠢᠨ | ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ ᠤᠨ ᠡᠭᠦᠷᠭᠡ | ︵ᠨᠢᠭᠡ︶ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠬᠡᠪᠴᠢᠶ᠎ᠡ ᠶᠢ ᠲᠤᠳᠤᠷᠬᠠᠶᠢᠯᠠᠨ᠎ᠠ᠃ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠪᠠᠷ ᠨᠡᠯᠢᠶᠡᠳ ᠬᠦᠨᠳᠦ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠪᠠ | ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠭᠤᠥᠯᠴᠢ ᠪᠠᠷ ᠬᠠᠮᠤᠷᠴᠤ᠂ | ᠠᠪᠤᠷᠠᠨ ᠲᠤᠰᠠᠯᠠᠭᠳᠠᠬᠤ ᠡᠲᠡᠭᠡᠳ ᠤᠨ ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ | ᠲᠤᠰᠠᠯᠠᠨ᠎ᠠ᠃ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠲᠡᠭᠡᠳ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ᠂ ᠬᠢᠨᠠᠨ | ᠬᠡᠮᠵᠢᠬᠦ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠭᠰᠠᠨ ᠰᠢᠨ᠎ᠡ ᠪᠠᠷ | ᠶᠠᠳᠠᠭᠤᠷᠠᠭᠰᠠᠨ ᠬᠥᠮᠥᠨ ᠠᠮᠠ ᠶᠢ ᠲᠣᠭᠲᠠᠭᠠᠯ ᠶᠣᠰᠣᠭᠠᠷ ᠠᠪᠤᠷᠠᠨ ᠲᠤᠰᠠᠯᠠᠨ᠎ᠠ᠃ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠤᠶᠤ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠨᠥᠬᠦᠴᠡᠯ ᠳᠤ ᠨᠡᠶᠢᠴᠡᠬᠦ | ᠦᠭᠡᠢ ᠭᠡᠪᠡᠴᠦ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ | ᠨᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ | ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠭᠡᠵᠦ ᠨᠡᠷᠡᠶᠢᠳᠦᠨ᠎ᠡ᠃ ᠶᠡᠷᠦ ᠳᠡᠭᠡᠨ ᠲᠤᠬᠠᠢ ᠶᠢᠨ ᠭᠠᠵᠠᠷ ᠤᠨ | ᠡᠷᠦᠬᠡ ᠠᠮᠠ ᠶᠢᠨ ᠳᠠᠩᠰᠠ ᠲᠠᠢ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠨᠢ ᠳᠡᠭᠡᠷ᠎ᠡ | ᠵᠢᠯ ᠤᠨ ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ | ᠪᠣᠯᠬᠤ ᠳᠤᠮᠳᠠᠴᠢ ᠣᠷᠣᠯᠭ᠎ᠠ ᠠᠴᠠ ᠳᠣᠣᠷ᠎ᠠ ᠪᠠᠶᠢᠪᠠᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ ᠵᠠᠷᠤᠴᠠᠭᠤᠯᠤᠭᠰᠠᠨ ᠬᠤᠪᠢ ᠬᠥᠮᠥᠨ ᠤ ᠡᠭᠦᠷᠭᠡᠯᠡᠬᠦ ᠡᠮᠴᠢᠯᠡᠭᠡᠨ ᠤ | ᠵᠠᠷᠤᠳᠠᠯ ᠢ ᠬᠠᠰᠤᠭᠰᠠᠨ ᠤ ᠳᠠᠷᠠᠭ᠎ᠠ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠢ ᠶᠢᠨ | ᠭᠠᠵᠠᠷ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ | ᠪᠠᠶᠢᠬᠤ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ | ᠬᠦᠨᠳᠦ ᠡᠪᠡᠳᠴᠢᠲᠡᠨ︶ ᠳᠤ ᠲᠣᠭᠲᠠᠭᠠᠯ ᠶᠣᠰᠣᠭᠠᠷ ᠵᠣᠬᠢᠬᠤ ᠬᠡᠮᠵᠢᠶᠡᠨ ᠤ ᠠᠪᠤᠷᠠᠨ ᠲᠤᠰᠠᠯᠠᠯᠲᠠ ᠣᠯᠭᠤᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠤᠨᠴᠠᠭᠠᠢ | ᠬᠦᠴᠢᠷᠳᠡᠯᠲᠡᠢ ᠬᠥᠮᠥᠰ ᠲᠤ ᠡᠮᠦᠨ᠎ᠡ ᠳᠤᠷᠠᠳᠤᠭᠰᠠᠨ ᠠᠪᠤᠷᠠᠨ ᠲᠤᠰᠠᠯᠠᠭᠳᠠᠬᠤ ᠡᠲᠡᠭᠡᠳ ᠤᠨ ᠲᠥᠷᠥᠯ ᠢᠯᠭᠠᠯ ᠢᠶᠠᠷ | ᠵᠣᠬᠢᠬᠤ ᠠᠪᠤᠷᠠᠨ ᠲᠤᠰᠠᠯᠠᠯᠲᠠ ᠬᠦᠷᠲᠡᠭᠡᠨ᠎ᠡ᠃ | ︵ᠬᠤᠶᠠᠷ︶ ᠬᠦᠴᠢᠷᠳᠡᠯᠲᠡᠢ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠦᠨᠡᠨᠬᠦ | ᠪᠠᠲᠤᠯᠠᠨ᠎ᠠ᠃ ᠪᠦᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ᠬᠦᠴᠢᠷᠳᠡᠯᠲᠡᠢ ᠣᠯᠠᠨ ᠲᠦᠮᠡᠨ ᠬᠠᠤᠯᠢ ᠶᠣᠰᠣᠭᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠳᠤ᠂ | ︽ᠬᠡᠨ ᠮᠠᠭᠠᠳᠯᠠᠨ ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠮᠠᠭᠠᠳᠯᠠᠨ | ᠲᠣᠭᠲᠠᠭᠠᠭᠰᠠᠨ ᠰᠠᠯᠠᠭ᠎ᠠ ᠮᠥᠴᠢᠷ ᠠᠴᠠ ᠬᠦᠴᠢᠷᠳᠡᠯᠲᠡᠢ ᠣᠯᠠᠨ ᠲᠦᠮᠡᠨ ᠢ ᠱᠠᠭᠠᠷᠳᠠᠵᠤ ᠴᠠᠭ ᠲᠤᠬᠠᠢ ᠳᠤᠨᠢ | ᠳᠠᠭᠠᠳᠬᠠᠯ ᠳᠤ ᠣᠷᠤᠯᠴᠠᠭᠤᠯᠤᠨ ᠰᠦᠢᠳᠬᠡᠯ ᠲᠤᠰᠢᠶᠠᠯᠭᠠᠵᠤ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ | ᠲᠣᠭᠲᠠᠭᠠᠯ ᠶᠣᠰᠣᠭᠠᠷ ᠭᠤᠷᠪᠠᠨ ᠳᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ ᠡᠳ᠋ᠯᠡᠭᠦᠯᠦᠨ᠎ᠡ᠃ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ︵ᠰᠢᠶᠠᠩ ᠪᠠᠯᠭᠠᠰᠤ︶ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ ᠠᠬᠢᠭᠤᠯᠤᠨ᠎ᠠ᠃ ᠰᠠᠯᠠᠭ᠎ᠠ | ᠮᠥᠴᠢᠷ ᠠᠯᠤᠰᠯᠠᠭᠰᠠᠨ᠂ ᠣᠯᠠᠨ ᠳᠡᠰ ᠳᠠᠪᠬᠤᠷᠭ᠎ᠠ ᠲᠠᠢ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠤᠷᠭᠠᠨ | ᠬᠥᠮᠦᠵᠢᠯ ᠤᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ | ᠬᠠᠤᠯᠢ ᠴᠠᠭᠠᠵᠠ ᠶᠢᠨ ᠲᠤᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠭᠠᠶᠢᠯᠢ ᠶᠢᠨ ᠶᠠᠪᠤᠳᠠᠯ ᠤᠨ | ᠲᠤᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠯᠦᠭᠡ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠰᠣᠯᠢᠯᠴᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠣᠷᠤᠯᠴᠠᠭᠰᠠᠳ ᠤᠨ ᠮᠡᠳᠡᠭᠡ ᠵᠠᠩᠭᠢ ᠶᠢᠨ ᠬᠠᠷᠢᠴᠠᠭᠤᠯᠤᠯ ᠢ ᠴᠢᠩᠭᠠᠳᠬᠠᠨ᠂ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠰᠠᠷ᠎ᠠ ᠪᠦᠷᠢ ᠶᠢᠨ 20 ᠠᠴᠠ ᠡᠮᠦᠨ᠎ᠡ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠤᠭ᠎ᠠ ᠶᠢᠨ | ᠰᠠᠯᠠᠭ᠎ᠠ ᠮᠥᠴᠢᠷ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠢᠨᠠᠨ ᠵᠥᠪᠰᠢᠶᠡᠷᠡᠭᠰᠡᠨ ᠲᠣᠣᠷ᠎ᠠ | ᠣᠷᠣᠯᠭ᠎ᠠ ᠲᠠᠢ ᠬᠥᠮᠥᠨ ᠠᠮᠠ ᠶᠢᠨ ᠪᠡᠶ᠎ᠡ ᠬᠡᠮ ᠤᠨ ᠮᠡᠳᠡᠭᠡ ᠵᠠᠩᠭᠢ ᠶᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠬᠠᠩᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠪᠠ ᠡᠮᠴᠢᠯᠡᠭᠡᠨ ᠤ ᠵᠠᠷᠤᠳᠠᠯ ᠢ ᠬᠢᠨᠠᠨ | ᠬᠡᠮᠵᠢᠬᠦ ᠠᠵᠢᠯ ᠢ ᠰᠠᠶᠢᠲᠤᠷ ᠬᠢᠨ᠎ᠡ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ ᠮᠥᠩᠭᠦ ᠪᠠᠷ ᠲᠤᠰᠠᠯᠠᠬᠤ | ᠪᠠᠲᠤᠯᠠᠭ᠎ᠠ ᠶᠢ ᠰᠠᠶᠢᠲᠤᠷ ᠬᠢᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠤᠪᠢᠷᠠᠭᠤᠯᠤᠭᠰᠠᠨ ᠤ ᠳᠠᠷᠠᠭᠠᠬᠢ ᠳᠠᠭᠠᠳᠬᠠᠯ ᠳᠤ ᠣᠷᠣᠯᠴᠠᠭᠰᠠᠨ ᠪᠡᠶ᠎ᠡ | ᠬᠡᠮ ᠤᠨ ᠮᠡᠳᠡᠭᠡ ᠵᠠᠩᠭᠢ ᠶᠢ ᠦᠨᠳᠦᠰᠦᠯᠡᠨ ᠬᠤᠪᠢ ᠬᠥᠮᠥᠨ ᠤ ᠲᠤᠰᠢᠶᠠᠬᠤ ᠰᠦᠢᠳᠭᠡᠯ ᠢ ᠲᠠᠲᠠᠪᠤᠷᠢᠯᠠᠬᠤ ᠠᠵᠢᠯ ᠢ | ᠦᠷᠨᠢᠭᠦᠯᠦᠨ᠎ᠡ᠃ ᠬᠥᠮᠥᠨ ᠠᠮᠠ ᠶᠢᠨ ᠨᠡᠭᠦᠳᠡᠯ ᠪᠠ ᠳᠠᠭᠠᠳᠬᠠᠯ ᠳᠤ ᠣᠷᠤᠯᠴᠠᠬᠤ ᠬᠡᠷᠡᠭᠴᠡᠭᠡ ᠱᠠᠭᠠᠷᠳᠠᠯᠭ᠎ᠠ ᠶᠢᠨ | ᠬᠤᠪᠢᠷᠠᠯᠲᠠ ᠳᠤ ᠵᠣᠬᠢᠴᠠᠭᠤᠯᠤᠨ᠂ ᠠᠪᠤᠷᠠᠨ ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠷᠭ᠎ᠠ ᠮᠠᠶ᠋ᠢᠭ ᠲᠤ ᠠᠮᠢᠳᠤᠯᠢᠭ ᠢᠶᠠᠷ ᠲᠣᠬᠢᠷᠠᠭᠤᠯᠤᠯᠲᠠ ᠬᠢᠵᠦ᠂ ᠴᠠᠭ ᠲᠤᠬᠠᠢ ᠳᠤᠨᠢ ᠳᠠᠭᠠᠳᠬᠠᠯ ᠳᠤ | ᠣᠷᠤᠯᠴᠠᠬᠤ᠂ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠲᠥᠷᠥᠯ ᠬᠤᠪᠢᠶᠠᠨ ᠳᠠᠭᠠᠳᠬᠠᠯ ᠳᠤ ᠣᠷᠣᠯᠴᠠᠵᠤ ᠵᠣᠭᠤᠰ ᠢᠶᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠵᠢᠷᠤᠮᠵᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠤᠯᠴᠠᠬᠤ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠦᠨᠡᠨᠬᠦ ᠬᠦᠴᠢᠷᠳᠡᠯᠲᠡᠢ ᠣᠯᠠᠨ | ᠲᠦᠮᠡᠨ ᠳᠤ ᠲᠥᠷᠥᠯ ᠬᠤᠪᠢᠶᠠᠨ ᠵᠣᠭᠤᠰ ᠮᠥᠩᠭᠦ ᠪᠠᠷ ᠲᠤᠰᠠᠯᠠᠨ᠎ᠠ᠃ ᠣᠨᠴᠠ ᠬᠦᠴᠢᠷᠳᠡᠯ ᠲᠠᠢ ᠬᠥᠮᠥᠰ᠂ | ᠥᠨᠥᠴᠢᠨ ᠬᠡᠦᠬᠡᠳ ︵ᠪᠤᠳᠠᠲᠠᠢ ᠠᠰᠠᠷᠠᠨ ᠲᠡᠵᠢᠭᠡᠬᠦ ᠬᠦᠮᠦᠨ ᠦᠭᠡᠢ ᠬᠡᠦᠬᠡᠳ ᠢ ᠪᠠᠭᠲᠠᠭᠠᠨ᠎ᠠ︶ ᠤᠨ ᠬᠤᠪᠢ | ᠬᠥᠮᠥᠨ ᠤ ᠲᠤᠰᠢᠶᠠᠬᠤ ᠰᠦᠢᠳᠬᠡᠯ ᠢ ᠵᠠᠰᠠᠭ ᠤᠨ ᠣᠷᠳᠣᠨ ᠠᠴᠠ ᠪᠦᠬᠦ ᠲᠤᠭ᠎ᠠ ᠪᠠᠷ ᠨᠢ ᠲᠤᠰᠠᠯᠠᠵᠤ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠲᠡᠭᠡᠳ᠂ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ | ᠠᠮᠠ ᠶᠢᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠵᠠᠰᠠᠭ ᠤᠨ ᠣᠷᠳᠣᠨ ᠠᠴᠠ ᠲᠣᠭᠲᠠᠭᠰᠠᠨ ᠨᠣᠷᠮ᠎ᠠ ᠪᠠᠷ | ᠳᠡᠮᠵᠢᠨ ᠲᠤᠰᠠᠯᠠᠵᠤ᠂ ᠲᠣᠭᠲᠠᠭᠰᠠᠨ ᠨᠣᠷᠮ᠎ᠠ ᠪᠠᠷ ᠳᠡᠮᠵᠢᠨ ᠲᠤᠰᠠᠯᠠᠬᠤ ᠪᠠᠷᠢᠮᠵᠢᠶ᠎ᠠ ᠶᠢ ᠲᠣᠰ ᠬᠤᠭᠤᠴᠠᠭᠠᠨ ᠤ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ | 45% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠢ ᠳᠡᠮᠵᠢᠨ ᠲᠤᠰᠠᠯᠠᠬᠤ ᠲᠥᠷᠥ ᠶᠢᠨ ᠪᠣᠳᠣᠯᠭ᠎ᠠ ᠶᠢ | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠡᠮᠴᠢᠯᠡᠭᠡᠨ ᠤ ᠠᠪᠤᠷᠠᠨ | ᠲᠤᠰᠠᠯᠠᠬᠤ ᠰᠠᠭᠤᠷᠢ ᠮᠥᠩᠭᠦ ᠶᠢ ᠴᠤᠭᠯᠠᠭᠤᠯᠤᠨ ᠬᠡᠷᠡᠭᠯᠡᠭᠰᠡᠨ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠨ᠎ᠡ᠃ ᠡᠯ᠎ᠡ ᠬᠤᠰᠢᠭᠤ | ᠰᠢᠶᠠᠨ ᠬᠤᠲᠠ ᠲᠣᠭᠤᠷᠢᠭ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠥᠪᠯᠡᠷᠡᠭᠦᠯᠦᠨ ᠰᠦᠢᠳᠬᠡᠯ | ᠲᠤᠰᠢᠶᠠᠬᠤ ᠬᠤᠭᠤᠴᠠᠭ᠎ᠠ ᠳᠠᠭᠤᠰᠤᠭᠰᠠᠨ ᠤ 1 ᠰᠠᠷ᠎ᠠ ᠶᠢᠨ ᠳᠣᠲᠣᠷ᠎ᠠ᠂ ᠪᠡᠯᠡ ᠮᠥᠩᠭᠦ ᠪᠠᠷ ᠲᠤᠰᠠᠯᠠᠬᠤ | ᠳᠠᠭᠠᠳᠬᠠᠯ ᠳᠤ ᠤᠷᠤᠯᠴᠠᠭᠰᠠᠨ ᠬᠥᠮᠥᠨ ᠤ ᠲᠤᠭ᠎ᠠ ᠪᠠ ᠪᠡᠯᠡ ᠮᠥᠩᠭᠦ ᠪᠠᠷ ᠲᠤᠰᠠᠯᠠᠬᠤ ᠳᠠᠭᠠᠳᠬᠠᠯ ᠳᠤ | ᠤᠷᠤᠯᠴᠠᠭᠰᠠᠨ ᠵᠠᠷᠤᠳᠠᠯ ᠤᠨ ᠭᠤᠶᠤᠴᠢᠯᠠᠯ ᠢ ᠬᠢᠨᠠᠨ ᠵᠥᠪᠰᠢᠶᠡᠷᠡᠬᠦ ᠶᠢᠨ ᠬᠠᠮᠲᠤ᠂ ᠴᠠᠭ ᠲᠤᠬᠠᠢ ᠳᠤᠨᠢ | ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠢ ᠡᠷᠦᠬᠡ ᠳᠤ | ᠰᠢᠯᠵᠢᠭᠦᠯᠦᠨ᠎ᠡ᠃ ᠬᠦᠴᠢᠷᠳᠡᠯᠲᠡᠢ ᠣᠯᠠᠨ ᠲᠦᠮᠡᠨ ᠨᠢ ᠳᠠᠪᠬᠤᠴᠠᠭᠰᠠᠨ ᠤᠨᠴᠠᠭᠠᠢ ᠪᠡᠶ᠎ᠡ ᠬᠡᠮ ᠤᠨ ᠰᠢᠨᠵᠢ | ᠴᠢᠨᠠᠷ ᠲᠠᠢ ᠪᠠᠶᠢᠪᠠᠯ ︽ᠥᠨᠳᠥᠷ ᠢᠶᠠᠷ ᠨᠢ ᠪᠤᠳᠤᠬᠤ︾ ᠵᠠᠷᠴᠢᠮ ᠶᠣᠰᠣᠭᠠᠷ ᠳᠠᠭᠠᠳᠬᠠᠯ ᠳᠤ ᠣᠷᠣᠯᠴᠠᠭᠰᠠᠨ | ᠲᠤᠰᠠᠯᠠᠮᠵᠢ ᠶᠢ ᠭᠥᠷᠳᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ ᠦᠭᠡᠢ᠃ | ︵ᠳᠥᠷᠪᠡ︶ ᠣᠯᠠᠨ ᠡᠰᠢᠲᠦ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠡᠯᠡ ᠴᠤᠭᠯᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠥᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠ ᠨᠡᠶᠢᠭᠡᠮ ᠤᠨ ᠡᠯ᠎ᠡ | ᠡᠲᠡᠭᠡᠳ ᠤᠨ ᠬᠠᠨᠳᠢᠪᠯᠡᠬᠤ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ᠂ ᠢᠯᠡ ᠪᠣᠯᠭᠠᠬᠤ᠂ ᠣᠯᠠᠨ ᠨᠡᠶᠢᠲᠡᠴᠢ᠂ | ᠲᠥᠪ ᠭᠤᠥᠯᠴᠢ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ | ᠪᠠᠶᠢᠯᠭᠠᠬᠤ ᠵᠠᠷᠴᠢᠮ ᠶᠣᠰᠣᠭᠠᠷ ᠬᠠᠮᠢᠶᠠᠷᠴᠤ ᠬᠡᠷᠡᠭᠯᠡᠨ᠎ᠡ᠃ ᠳᠦᠷᠢᠮ ᠲᠥᠷᠥ ᠶᠢᠨ ᠪᠣᠳᠣᠯᠭ᠎ᠠ ᠶᠢ ᠨᠢᠭᠡᠳᠦᠯᠲᠡᠢ | ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠂ ᠬᠠᠮᠢᠶᠠᠷᠤᠯᠲᠠ | ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠬᠤᠲᠠ ᠶᠢᠨ ᠱᠠᠲᠤᠨ ᠤ ᠨᠢᠭᠡᠳᠦᠯᠲᠡᠢ ᠲᠥᠯᠦᠪᠵᠢᠭᠦᠯᠭᠡ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ | ᠨᠠᠷᠢᠯᠢᠭᠵᠢᠭᠤᠯᠤᠨ᠎ᠠ᠃ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠬᠤᠶᠠᠷ ᠱᠠᠲᠤᠨ ᠤ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠮᠴᠢᠯᠡᠭᠡᠨ ᠤ | ᠠᠪᠤᠷᠠᠨ ᠲᠤᠰᠠᠯᠠᠬᠤ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ 2023 | ᠣᠨ ᠠᠴᠠ ᠡᠬᠢᠯᠡᠨ᠂ ᠵᠢᠯ ᠪᠦᠷᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠥᠮᠥᠨ ᠳᠤᠮᠳᠠᠴᠢ ᠶᠢᠨ 60 | ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠬᠤᠲᠠ᠂ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ | ᠠᠴᠠ 2᠄ 8 ᠶᠢᠨ ᠬᠠᠷᠢᠴᠠᠯ ᠢᠶᠠᠷ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢ ᠲᠣᠬᠢᠷᠠᠭᠤᠯᠵᠤ᠂ | ᠬᠦᠷᠦᠯᠴᠡᠬᠦ ᠦᠭᠡᠢ ᠬᠡᠰᠡᠭ ᠢ ᠬᠤᠰᠢᠭᠤ ᠰᠢᠶᠠᠨ ᠤ ᠵᠠᠰᠠᠭ ᠤᠨ ᠣᠷᠳᠣᠨ ᠳᠠᠭᠠᠭᠠᠨ ᠠᠪᠤᠨ᠎ᠠ᠂ ᠬᠤᠰᠢᠭᠤ ᠰᠢᠶᠠᠨ ᠤ | ᠱᠠᠲᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ | ᠰᠢᠭᠤᠳ ᠳᠡᠭᠡᠭᠰᠢ ᠨᠢᠭᠡᠳᠦᠯᠲᠡᠢ ᠲᠥᠯᠥᠪᠯᠡᠵᠦ ᠪᠣᠯᠣᠨ᠎ᠠ᠃ ᠵᠠᠰᠠᠭ ᠤᠨ ᠣᠷᠳᠣᠨ ᠤ ᠳᠠᠭᠠᠭᠠᠨ ᠠᠪᠤᠭᠰᠠᠨ ᠪᠠ | ᠪᠤᠰᠤᠳ ᠡᠯ᠎ᠡ ᠲᠦᠷᠦᠯ ᠤᠨ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠦᠴᠦᠨ | ᠦᠭᠡᠢ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠵᠦᠢ ᠵᠣᠬᠢᠰᠲᠠᠢ ᠬᠡᠷᠡᠭᠯᠡᠯᠲᠡ ᠳᠤ | ᠨᠢᠭᠡᠳᠦᠯᠲᠡᠢ ᠨᠡᠶᠢᠯᠡᠭᠦᠯᠦᠨ ᠣᠷᠣᠭᠤᠯᠤᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠪᠡᠯᠡ | ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠨᠢᠭᠦᠯᠡᠰᠦᠩᠭᠦᠢ ᠶᠢᠨ | ᠦᠢᠯᠡᠰ ᠪᠠ ᠨᠡᠶᠢᠭᠡᠮ ᠤᠨ ᠲᠤᠰᠠᠯᠠᠮᠵᠢ ᠵᠡᠷᠭᠡ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠎ᠠ᠃ | ︵ᠲᠠᠪᠤ︶ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠲᠤᠳᠤᠷᠬᠠᠶᠢᠯᠠᠨ᠎ᠠ᠃ | ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠲᠣᠬᠢᠲᠠᠢ | ᠰᠢᠢᠳᠪᠦᠷᠢᠯᠡᠨ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠣᠯᠭᠤᠬᠤ ᠬᠦᠷᠢᠶ᠎ᠡ ᠬᠡᠪᠴᠢᠶ᠎ᠡ ᠨᠢ | ᠵᠠᠷᠴᠢᠮ ᠳᠡᠭᠡᠷ᠎ᠡ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠣᠯᠭᠤᠬᠤ ᠬᠦᠷᠢᠶ᠎ᠡ ᠬᠡᠪᠴᠢᠶ᠎ᠡ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠠᠪᠤᠷᠠᠨ ᠲᠤᠰᠠᠯᠠᠭᠳᠠᠬᠤ ᠡᠲᠡᠭᠡᠳ ᠤᠨ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ᠂ ᠤᠳᠠᠭᠠᠨ | ᠴᠢᠨᠠᠷᠲᠠᠢ ᠡᠪᠡᠳᠴᠢᠨ ᠠᠴᠠ ᠪᠣᠯᠵᠤ ᠣᠷᠳᠣ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ | ᠡᠪᠡᠳᠴᠢᠨ ᠳᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠢ ᠵᠠᠷᠤᠳᠠᠯ ᠢ | ᠬᠠᠮᠤᠷᠤᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠳᠥᠯᠥᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ ᠬᠥᠮᠥᠨ ᠤ | ᠥᠪᠡᠷ ᠢᠶᠠᠨ ᠳᠥᠯᠥᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠨ᠎ᠠ᠃ | | ︵ᠵᠢᠷᠭᠤᠭ᠎ᠠ︶ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠎ᠠ᠃ ᠮᠠᠨ ᠤ | ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠡᠮᠴᠢᠯᠡᠭᠡᠨ ᠤ ᠠᠪᠤᠷᠠᠨ ᠲᠤᠰᠠᠯᠠᠬᠤ ᠪᠡᠯᠡ | ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠶᠢ ᠦᠨᠳᠦᠰᠦᠯᠡᠨ᠂ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠬᠤ ᠪᠠ | ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠎ᠠ᠃ | 1. ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ᠃ ᠣᠨᠴᠠ ᠬᠦᠴᠢᠷᠳᠡᠯᠲᠡᠢ ᠬᠥᠮᠥᠰ ᠲᠤ ᠣᠨ ᠤ ᠬᠢᠵᠠᠭᠠᠷ | ᠲᠤᠭ᠎ᠠ ᠲᠣᠭᠲᠠᠭᠠᠬᠤ ᠦᠭᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠲᠡᠭᠡᠳ᠂ ᠮᠠᠯᠵᠢᠬᠤ | ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ ᠠᠮᠠ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ᠂ ᠡᠪᠡᠳᠴᠢᠨ ᠠᠴᠠ | ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠤ ᠣᠨ ᠤ ᠬᠢᠵᠠᠭᠠᠷ ᠲᠤᠭ᠎ᠠ ᠶᠢ 13 ᠲᠦᠮᠡᠨ ᠲᠥᠭᠦᠷᠢᠭ ᠢᠶᠠᠷ | ᠬᠢᠵᠠᠭᠠᠷᠯᠠᠨ᠎ᠠ᠃ | 2. ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠯᠲᠠ ᠶᠢᠨ ᠡᠬᠢᠯᠡᠵᠦ ᠥᠭᠬᠦ ᠪᠠᠷᠢᠮᠵᠢᠶ᠎ᠠ᠃ ᠠᠪᠤᠷᠠᠨ | ᠲᠤᠰᠠᠯᠠᠭᠳᠠᠬᠤ ᠡᠲᠡᠭᠡᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠬᠤᠪᠢ ᠬᠥᠮᠥᠨ ᠤ ᠳᠠᠷᠤᠭᠠᠰᠤ | ᠨᠡᠯᠢᠶᠡᠳ ᠬᠦᠨᠳᠦ ᠪᠠᠶᠢᠬᠤ ᠪᠣᠳᠠᠲᠤ ᠪᠠᠶᠢᠳᠠᠯ ᠢ ᠶᠡᠷᠦᠩᠬᠡᠶᠢᠯᠡᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠵᠢᠴᠢ ᠣᠯᠭᠤᠮᠵᠢ ᠶᠢ ᠪᠠᠲᠤᠯᠠᠬᠤ ᠬᠢᠷᠢ ᠲᠦᠪᠰᠢᠨ ᠵᠡᠷᠭᠡ ᠬᠦᠴᠦᠨ | ᠵᠦᠢᠯ ᠢ ᠪᠣᠳᠣᠯᠬᠢᠯᠠᠵᠤ᠂ ᠣᠨᠴᠠ ᠬᠦᠴᠢᠷᠳᠡᠯ ᠲᠠᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ | ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ | ᠬᠥᠮᠥᠰ ᠲᠤ ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠯᠲᠠ ᠶᠢᠨ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ | ᠦᠭᠡᠢ᠂ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ ᠳᠤ ᠡᠬᠢᠯᠡᠵᠦ ᠥᠭᠬᠦ | ᠪᠠᠷᠢᠮᠵᠢᠶ᠎ᠠ ᠶᠢ ᠪᠥᠬᠦ ᠬᠤᠲᠠ ᠶᠢᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠢᠶᠠᠷ ᠲᠣᠭᠲᠠᠭᠠᠵᠤ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠳᠤ ᠡᠬᠢᠯᠡᠵᠦ ᠥᠭᠬᠦ ᠪᠠᠷᠢᠮᠵᠢᠶ᠎ᠠ ᠶᠢ ᠪᠥᠬᠦ ᠬᠤᠲᠠ ᠶᠢᠨ ᠳᠡᠭᠡᠷ᠎ᠡ ᠵᠢᠯ ᠤᠨ | ᠪᠥᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 25% | ᠣᠷᠴᠢᠮ ᠢᠶᠠᠷ ᠲᠣᠭᠲᠠᠭᠠᠵᠤ᠂ ᠪᠣᠳᠠᠲᠠᠢ ᠠᠪᠤᠷᠠᠨ ᠲᠤᠰᠠᠯᠠᠯᠲᠠ ᠶᠢᠨ ᠡᠬᠢᠯᠡᠵᠦ ᠥᠭᠬᠦ ᠪᠠᠷᠢᠮᠵᠢᠶ᠎ᠠ ᠶᠢ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ ᠬᠥᠳᠡᠯᠦᠩᠭᠦᠢ ᠪᠠᠷ | ᠲᠣᠬᠢᠷᠠᠭᠤᠯᠤᠨ᠎ᠠ᠃ | 3. ᠠᠪᠤᠷᠠᠨ ᠲᠤᠰᠠᠯᠠᠵᠤ ᠥᠭᠬᠦ ᠬᠠᠷᠢᠴᠠᠯ᠃ ᠣᠨᠴᠠ ᠬᠦᠴᠢᠷᠳᠡᠯ ᠲᠠᠢ ᠬᠥᠮᠥᠰ ᠤᠨ ᠡᠮᠨᠡᠯᠭᠡ ᠳᠤ ᠰᠠᠭᠤᠭᠰᠠᠨ | ᠵᠠᠷᠤᠳᠠᠯ ᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠪᠦᠬᠦ ᠲᠤᠭ᠎ᠠ ᠪᠠᠷ ᠨᠢ ᠠᠪᠤᠷᠠᠨ ᠲᠤᠰᠠᠯᠠᠵᠤ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠲᠡᠭᠡᠳ ᠪᠠ ᠳᠠᠬᠢᠨ ᠶᠠᠳᠠᠭᠤᠷᠠᠭᠰᠠᠨ ᠰᠢᠨ᠎ᠡ ᠪᠠᠷ | ᠶᠠᠳᠠᠭᠤᠷᠠᠭᠰᠠᠨ ᠬᠥᠮᠥᠨ ᠠᠮᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ 70% ᠠᠴᠠ ᠳᠣᠣᠷ᠎ᠠ ᠦᠭᠡᠢ ᠬᠠᠷᠢᠴᠠᠯ ᠢᠶᠠᠷ ᠠᠪᠤᠷᠠᠨ ᠲᠤᠰᠠᠯᠠᠵᠤ᠂ ᠮᠠᠯᠵᠢᠬᠤ ᠲᠠᠷᠢᠶᠠᠯᠠᠬᠤ | ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠰ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠵᠡᠷᠭᠡ ᠪᠤᠰᠤᠳ ᠠᠪᠤᠷᠠᠨ ᠲᠤᠰᠠᠯᠠᠭᠳᠠᠬᠤ ᠡᠲᠡᠭᠡᠳ ᠤᠨ ᠡᠮᠨᠡᠯᠭᠡ ᠳᠤ | ᠰᠠᠭᠤᠭᠰᠠᠨ ᠵᠠᠷᠤᠳᠠᠯ ᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠠᠪᠤᠷᠠᠨ ᠲᠤᠰᠠᠯᠠᠬᠤ ᠬᠠᠷᠢᠴᠠᠯ ᠢ 60% | ᠠᠴᠠ ᠳᠣᠣᠷ᠎ᠠ ᠪᠠᠶᠢᠯᠭᠠᠬᠤ ᠦᠭᠡᠢ᠃ ᠠᠪᠤᠷᠠᠨ ᠲᠤᠰᠠᠯᠠᠭᠳᠠᠬᠤ ᠡᠲᠡᠭᠡᠳ ᠤᠨ ᠡᠭᠦᠳᠡᠨ ᠡᠮᠨᠡᠯᠭᠡ ᠶᠢᠨ ᠵᠠᠷᠤᠳᠠᠯ ᠢ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 70% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠡᠭᠦᠳᠡᠨ | ᠡᠮᠨᠡᠯᠭᠡ ᠶᠢᠨ ᠠᠪᠤᠷᠠᠨ ᠲᠤᠰᠠᠯᠠᠯᠲᠠ ᠪᠠ ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠯᠲᠠ ᠨᠢ ᠣᠨ ᠤ ᠠᠪᠤᠷᠠᠨ | ᠲᠤᠰᠠᠯᠠᠬᠤ ᠬᠢᠵᠠᠭᠠᠷ ᠲᠤᠭ᠎ᠠ ᠶᠢ ᠬᠠᠮᠲᠤ ᠪᠠᠷ ᠬᠡᠷᠡᠭᠯᠡᠨ᠎ᠡ᠃ | 4. ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ | ᠡᠮᠴᠢᠯᠡᠭᠡᠨ ᠤ ᠠᠪᠤᠷᠠᠨ ᠲᠤᠰᠠᠯᠠᠭᠤᠯᠬᠤ ᠡᠲᠡᠭᠡᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠭᠤᠷᠪᠠᠨ ᠳᠦᠷᠢᠮ ᠢᠶᠠᠷ ᠶᠡᠷᠦᠩᠬᠡᠶᠢᠯᠡᠨ ᠪᠠᠲᠤᠯᠠᠭᠰᠠᠨ ᠤ ᠳᠠᠷᠠᠭ᠎ᠠ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ ᠬᠥᠮᠥᠨ ᠤ ᠡᠭᠦᠷᠭᠡᠯᠡᠯ ᠨᠢ ᠮᠥᠨ ᠬᠦ ᠨᠡᠯᠢᠶᠡᠳ ᠬᠦᠨᠳᠦ | ᠪᠠᠶᠢᠪᠠᠯ ᠤᠨᠴᠠᠭᠠᠢ ᠠᠪᠤᠷᠠᠨ ᠲᠤᠰᠠᠯᠠᠨ᠎ᠠ᠃ ᠤᠨᠴᠠᠭᠠᠢ ᠠᠪᠤᠷᠠᠨ ᠲᠤᠰᠠᠯᠠᠬᠤ ᠶᠢᠨ ᠡᠬᠢᠯᠡᠵᠦ ᠥᠭᠬᠦ ᠪᠠᠷᠢᠮᠵᠢᠶ᠎ᠠ ᠶᠢ | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠥᠬᠦ ᠬᠤᠲᠠ ᠶᠢᠨ ᠳᠡᠭᠡᠷ᠎ᠡ | ᠵᠢᠯ ᠤᠨ ᠪᠥᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ | ᠦᠨᠳᠦᠰᠦᠯᠡᠨ ᠲᠣᠭᠲᠠᠭᠠᠵᠤ᠂ ᠤᠨᠴᠠᠭᠠᠢ ᠠᠪᠤᠷᠠᠨ ᠲᠤᠰᠠᠯᠠᠬᠤ ᠶᠢᠨ ᠡᠬᠢᠯᠡᠵᠦ ᠥᠭᠬᠦ ᠪᠠᠷᠢᠮᠵᠢᠶ᠎ᠠ ᠠᠴᠠ ᠳᠠᠪᠠᠭᠰᠠᠨ | ᠬᠤᠪᠢ ᠬᠥᠮᠥᠨ ᠤ ᠥᠪᠡᠰᠦᠪᠡᠨ ᠳᠥᠯᠥᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ 70% ᠶᠢᠨ | ᠬᠠᠷᠢᠴᠠᠯ ᠢᠶᠠᠷ ᠦᠨᠳᠦᠰᠦᠨ ᠵᠦᠢᠯ ᠢ ᠪᠠᠲᠤᠯᠠᠵᠤ ᠠᠪᠤᠷᠠᠨ ᠲᠤᠰᠠᠯᠠᠨ᠎ᠠ᠂ ᠣᠨ ᠤ ᠬᠠᠮᠤᠭ ᠤᠨ ᠥᠨᠳᠥᠷ ᠠᠪᠤᠷᠠᠨ | ᠲᠤᠰᠠᠯᠠᠬᠤ ᠬᠢᠵᠠᠭᠠᠷ ᠲᠤᠭ᠎ᠠ ᠨᠢ 5 ᠲᠦᠮᠡᠨ ᠲᠥᠭᠦᠷᠢᠭ ᠪᠣᠯᠣᠨ᠎ᠠ᠃ ᠤᠨᠴᠠᠭᠠᠢ ᠠᠪᠤᠷᠠᠨ ᠲᠤᠰᠠᠯᠠᠬᠤ ᠣᠨ ᠤ | ᠬᠢᠵᠠᠭᠠᠷ ᠲᠤᠭ᠎ᠠ ᠬᠢᠭᠡᠳ ᠡᠭᠦᠳᠡᠨ ᠡᠮᠨᠡᠯᠭᠡ ᠪᠣᠯᠣᠨ ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠯᠲᠠ ᠶᠢᠨ ᠣᠨ ᠤ | ᠬᠢᠵᠠᠭᠠᠷ ᠲᠤᠭ᠎ᠠ ᠶᠢ ᠲᠣᠰ ᠲᠣᠰ ᠨᠡᠶᠢᠯᠡᠭᠦᠯᠦᠨ ᠪᠤᠳᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ | ᠠᠮᠠ ᠶᠢ ᠠᠪᠤᠷᠠᠨ ᠲᠤᠰᠠᠯᠠᠬᠤ ᠬᠢᠷᠢ ᠲᠦᠪᠰᠢᠨ ᠢ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ | ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠢ ᠣᠯᠠᠨ ᠲᠦᠮᠡᠨ ᠨᠢ | ᠳᠠᠪᠬᠤᠴᠠᠭᠰᠠᠨ ᠤᠨᠴᠠᠭᠠᠢ ᠪᠡᠶ᠎ᠡ ᠬᠡᠮ ᠤᠨ ᠰᠢᠨᠵᠢ ᠴᠢᠨᠠᠷ ᠲᠠᠢ ᠪᠠᠶᠢᠪᠠᠯ ︽ᠥᠨᠳᠥᠷ ᠢᠶᠠᠷ ᠨᠢ ᠪᠤᠳᠤᠬᠤ︾ | ᠵᠠᠷᠴᠢᠮ ᠢᠶᠠᠷ ᠠᠪᠤᠷᠠᠨ ᠲᠤᠰᠠᠯᠠᠯᠲᠠ ᠬᠦᠷᠲᠡᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠦᠭᠡᠢ᠃ | ︵ᠳᠣᠯᠤᠭ᠎ᠠ︶ ᠭᠤᠷᠪᠠᠨ ᠳᠦᠷᠢᠮ ᠢ ᠬᠠᠷᠢᠯᠴᠠᠨ ᠨᠥᠬᠦᠪᠦᠷᠢᠯᠡᠵᠦ ᠵᠣᠯᠭᠠᠭᠤᠯᠬᠤ ᠶᠢ ᠠᠬᠢᠭᠤᠯᠤᠨ᠎ᠠ᠃ ᠤᠯᠠᠨ | ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠷᠪᠠᠨ ᠳᠦᠷᠢᠮ ᠤᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠨ᠎ᠠ᠃ ᠤᠯᠤᠰ ᠠᠴᠠ ᠪᠠᠶᠢᠭᠤᠯᠤᠭᠰᠠᠨ ᠡᠮᠴᠢᠯᠡᠭᠡᠨ ᠤ | ᠪᠠᠲᠤᠯᠠᠭ᠎ᠠ ᠶᠢᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠦᠨᠳᠦᠰᠦᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠤᠯᠤᠰ᠂ ᠥᠪᠡᠷᠲᠡᠭᠡᠨ | ᠵᠠᠰᠠᠬᠤ ᠣᠷᠣᠨ ᠠᠴᠠ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶ᠎ᠡ ᠪᠠ | ᠥᠭᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠣᠯ | ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠣᠯᠭᠤᠮᠵᠢ ᠶᠢᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠵᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠤᠯᠭ᠎ᠠ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ | ᠴᠢᠳᠠᠮᠵᠢ ᠶᠢ ᠴᠢᠩᠭᠠᠳᠬᠠᠵᠤ᠂ ᠡᠬᠢᠯᠡᠵᠦ ᠥᠭᠬᠦ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠤ ᠥᠭᠬᠦ ᠬᠠᠷᠢᠴᠠᠯ ᠢ 60% ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠦᠨᠡᠨ | ᠬᠦ ᠪᠠᠲᠤᠯᠠᠨ᠎ᠠ︔ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠲᠡᠭᠡᠳ᠂ | ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ | ᠡᠬᠢᠯᠡᠵᠦ ᠥᠭᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠥᠭᠬᠦ ᠬᠠᠷᠢᠴᠠᠯ ᠢ 5 ᠬᠤᠪᠢ ᠳᠡᠭᠡᠭᠰᠢᠯᠡᠭᠦᠯᠬᠦ ᠶᠢᠨ | ᠬᠠᠮᠲᠤ ᠬᠠᠮᠤᠭ ᠤᠨ ᠥᠨᠳᠥᠷ ᠬᠢᠵᠠᠭᠠᠷ ᠲᠤᠭ᠎ᠠ ᠪᠠᠷ ᠬᠢᠵᠠᠭᠠᠷᠯᠠᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ | ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠨ᠎ᠡ᠃ | | ︵ᠨᠠᠢᠮᠠ︶ ᠡᠪᠡᠳᠴᠢᠨ ᠠᠴᠠ ᠪᠣᠯᠵᠤ ᠶᠠᠳᠠᠭᠤᠷᠠᠬᠤ ᠪᠠ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢᠨ | ᠬᠤᠣᠰ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠠᠪᠤᠷᠠᠨ ᠲᠤᠰᠠᠯᠠᠭᠳᠠᠬᠤ ᠡᠲᠡᠭᠡᠳ ᠤᠨ | ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠲᠣᠣᠷ᠎ᠠ ᠭᠡᠷ ᠪᠦᠯᠢ ᠶᠢᠨ | ᠪᠦᠷᠢᠯᠳᠦᠭᠦᠨ᠂ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ | ᠬᠥᠮᠥᠨ ᠠᠮᠠ ᠶᠢᠨ ᠳᠣᠲᠣᠷᠠᠬᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠵᠡᠷᠭᠡ ᠪᠠᠷ ᠳᠡᠮᠵᠢᠨ ᠲᠥᠯᠥᠭᠰᠡᠨ ᠤ ᠳᠠᠷᠠᠭᠠᠬᠢ ᠬᠤᠪᠢ ᠬᠥᠮᠥᠨ ᠤ ᠣᠨ ᠤ ᠨᠡᠶᠢᠲᠡ ᠡᠭᠦᠷᠭᠡᠯᠡᠭᠰᠡᠨ ᠦᠨᠳᠦᠰᠦᠨ | ᠡᠮᠴᠢᠯᠡᠭᠡᠨ ᠤ ᠵᠠᠷᠤᠳᠠᠯ ᠨᠢ ᠪᠥᠬᠦ ᠬᠤᠲᠠ ᠶᠢᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ | ᠪᠠᠶᠢᠪᠠᠯ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠢ ᠬᠢᠨᠠᠨ ᠬᠡᠮᠵᠢᠬᠦ ᠳᠤ ᠣᠷᠣᠭᠤᠯᠤᠨ᠎ᠠ︔ ᠬᠤᠪᠢ ᠬᠥᠮᠥᠨ ᠤ | ᠨᠡᠶᠢᠲᠡ ᠡᠭᠦᠷᠭᠡᠯᠡᠯ ᠨᠢ ᠲᠤᠬᠠᠢ ᠶᠢᠨ ᠭᠠᠵᠠᠷ ᠤᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 50% ᠠᠴᠠ | ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠭᠰᠠᠨ ᠢ ᠬᠢᠨᠠᠨ ᠬᠡᠮᠵᠢᠬᠦ ᠳᠤ ᠣᠷᠣᠭᠤᠯᠤᠨ᠎ᠠ᠃ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ ᠲᠥᠯᠥᠭᠰᠡᠨ ᠤ | ᠳᠠᠷᠠᠭᠠᠬᠢ ᠬᠤᠪᠢ ᠬᠥᠮᠥᠨ ᠤ ᠣᠨ ᠤ ᠡᠮᠴᠢᠯᠡᠭᠡᠨ ᠤ ᠵᠠᠷᠤᠳᠠᠯ ᠤᠨ ᠡᠭᠦᠷᠭᠡᠯᠡᠯ ᠨᠢ ᠮᠥᠨ ᠬᠦ ᠨᠡᠯᠢᠶᠡᠳ ᠬᠦᠨᠳᠦ | ᠪᠠᠶᠢᠭ᠎ᠠ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ ᠪᠣᠯᠣᠨ ᠮᠠᠯᠵᠢᠬᠤ | ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ ᠠᠮᠠ ᠶᠢ | ᠭᠤᠣᠯᠳᠠᠯᠭ᠎ᠠ ᠲᠠᠢ ᠬᠢᠨᠠᠨ ᠬᠡᠮᠵᠢᠵᠦ᠂ ᠴᠠᠭ ᠲᠤᠬᠠᠢ ᠳᠤᠨᠢ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠰᠠᠷ᠎ᠠ ᠪᠦᠷᠢ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠪᠠ | ᠡᠪᠡᠳᠴᠢᠨ ᠠᠴᠠ ᠪᠣᠯᠵᠤ ᠶᠠᠳᠠᠭᠤᠷᠠᠬᠤ ᠶᠢ ᠰᠡᠷᠡᠮᠵᠢᠯᠡᠭᠦᠯᠵᠦ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠠᠳᠠᠯᠢ | ᠱᠠᠲᠤᠨ ᠤ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ | ᠬᠦᠷᠭᠡᠨ᠎ᠡ᠃ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ | ᠲᠣᠭᠲᠠᠭᠠᠯ ᠶᠣᠰᠣᠭᠠᠷ ᠨᠥᠬᠦᠴᠡᠯ ᠳᠤ ᠨᠡᠶᠢᠴᠡᠬᠦ ᠬᠥᠮᠥᠰ ᠢ ᠲᠣᠰ ᠲᠣᠰ ᠬᠢᠨᠠᠨ ᠬᠡᠮᠵᠢᠬᠦ ᠬᠡᠪᠴᠢᠶᠡᠨ ᠳᠤ | ᠣᠷᠣᠭᠤᠯᠵᠤ᠂ ᠰᠠᠷ᠎ᠠ ᠪᠦᠷᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠭᠡᠬᠦ ᠬᠡᠷᠡᠭᠲᠡᠢ᠃ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠡᠮᠴᠢᠯᠡᠭᠡᠨ ᠤ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ | ᠡᠲᠡᠭᠡᠳ ᠢ ᠴᠠᠭ ᠲᠤᠬᠠᠢ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ | ᠰᠢᠢᠳᠪᠦᠷᠢᠯᠡᠬᠦ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ | ᠬᠥᠳᠡᠯᠦᠩᠭᠦᠢ ᠪᠠᠷ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ | ︵ᠶᠢᠰᠦ︶ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠳᠤ ᠢᠳᠡᠪᠬᠢᠲᠡᠢ ᠣᠷᠤᠯᠴᠠᠬᠤ ᠶᠢ ᠬᠥᠲᠥᠯᠥᠨ | ᠵᠢᠯᠣᠭᠤᠳᠤᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ | ᠪᠠᠶᠢᠭᠤᠯᠤᠯᠲᠠ ᠶᠢᠨ ᠬᠦᠨᠳᠦ ᠡᠪᠡᠳᠴᠢᠨ ᠤ ᠲᠦᠷᠦᠯ ᠵᠦᠢᠯ ᠪᠠᠶᠢᠭᠤᠯᠬᠤ ᠶᠢ ᠵᠣᠷᠢᠭᠵᠢᠭᠤᠯᠵᠤ᠂ ᠨᠥᠬᠦᠪᠦᠷᠢᠯᠡᠨ | ᠠᠪᠤᠷᠠᠨ ᠲᠤᠰᠠᠯᠠᠬᠤ ᠦᠢᠯᠡᠳᠦᠯ ᠢ ᠪᠠᠳᠠᠷᠠᠭᠤᠯᠤᠨ᠎ᠠ᠃ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠮᠡᠳᠡᠭᠡ | ᠵᠠᠩᠭᠢ ᠶᠢᠨ ᠲᠠᠪᠴᠠᠩ ᠤᠨ ᠬᠥᠭᠵᠢᠯᠲᠡ ᠪᠠ ᠲᠠᠪᠴᠠᠩ ᠬᠤᠭᠤᠷᠣᠨᠳᠣᠬᠢ ᠨᠢᠭᠦᠯᠡᠰᠦᠩᠭᠦᠢ ᠶᠢᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠤᠪᠢ ᠬᠥᠮᠥᠨ ᠤ ᠬᠦᠨᠳᠦ ᠡᠪᠡᠳᠴᠢᠨ ᠤ ᠲᠤᠰᠠᠯᠠᠮᠵᠢ ᠭᠤᠶᠤᠴᠢᠯᠠᠬᠤ | ᠰᠦᠯᠵᠢᠶᠡᠨ ᠲᠠᠪᠴᠠᠩ ᠤᠨ ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠵᠤ᠂ ᠢᠯᠡ ᠪᠠᠷ ᠠᠪᠤᠷᠠᠨ ᠲᠤᠰᠠᠯᠠᠬᠤ ᠶᠢ | ᠬᠡᠷᠡᠭᠵᠢᠭᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠬᠦᠷᠢᠶ᠎ᠡ ᠴᠠᠷᠠᠭ᠎ᠠ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡᠨ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠠᠪᠤᠷᠠᠨ ᠲᠤᠰᠠᠯᠠᠬᠤ | ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠪᠠ ᠡᠯ᠎ᠡ ᠲᠠᠯ᠎ᠠ ᠶᠢᠨ ᠬᠢᠨ ᠤ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠬᠠᠪᠰᠤᠷᠤᠨ ᠲᠡᠳᠬᠦᠬᠦ ᠵᠡᠷᠭᠡ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠨᠢᠭᠦᠯᠡᠰᠦᠩᠭᠦᠢ ᠶᠢᠨ | ᠠᠵᠢᠯᠯᠠᠭ᠎ᠠ ᠳᠤ ᠣᠷᠤᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠤᠬᠢᠷᠠᠮᠵᠢᠲᠠᠢ ᠭᠠᠶᠢᠯᠢ | ᠲᠠᠲᠠᠪᠤᠷᠢ ᠶᠢᠨ ᠬᠠᠷᠠᠭᠠᠯᠵᠠᠯ᠂ ᠰᠦᠢᠳᠭᠡᠯ ᠢ ᠬᠠᠰᠤᠵᠤ ᠬᠡᠯᠲᠦᠷᠢᠭᠦᠯᠬᠦ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | ︵ᠠᠷᠪᠠ︶ ᠡᠮᠴᠢᠯᠡᠭᠡᠨ ᠤ ᠬᠠᠷᠢᠯᠴᠠᠨ ᠬᠠᠪᠰᠤᠷᠤᠯᠴᠠᠭ᠎ᠠ ᠪᠠ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠭ᠎ᠠ | ᠥᠷᠨᠢᠭᠦᠯᠬᠦ ᠶᠢ ᠳᠡᠮᠵᠢᠵᠦ᠂ ᠰᠦᠯᠵᠢᠶᠡᠨ ᠲᠠᠪᠴᠠᠩ ᠤᠨ ᠬᠠᠪᠰᠤᠷᠤᠯᠴᠠᠭ᠎ᠠ ᠶᠢ ᠵᠢᠷᠤᠮᠵᠢᠭᠤᠯᠤᠨ᠂ ᠲᠦᠭᠰᠢᠭᠦᠷᠢ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠮᠴᠢᠯᠡᠭᠡᠨ ᠤ ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ | ᠵᠢᠯᠤᠭᠤᠳᠤᠨ᠎ᠠ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠳᠡᠮᠵᠢᠵᠦ᠂ ᠦᠨᠳᠦᠰᠦᠨ | ᠡᠮᠴᠢᠯᠡᠭᠡᠨ ᠤ ᠪᠠᠲᠤᠯᠠᠭ᠎ᠠ ᠠᠴᠠ ᠭᠠᠳᠠᠨᠠᠬᠢ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠦᠴᠢᠷᠳᠡᠯᠲᠡᠢ ᠣᠯᠠᠨ ᠲᠦᠮᠡᠨ ᠳᠤ ᠬᠠᠨᠳᠤᠭᠤᠯᠤᠭᠰᠠᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠥᠭᠵᠢᠭᠦᠯᠬᠦ ᠶᠢ ᠵᠣᠷᠢᠭᠵᠢᠭᠤᠯᠵᠤ᠂ ᠦᠢᠯᠡᠳᠬᠦᠨ ᠤ ᠦᠨ᠎ᠡ | ᠲᠣᠭᠲᠠᠭᠠᠬᠤ᠂ ᠳᠥᠯᠥᠬᠦ ᠨᠥᠬᠦᠴᠡᠯ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ︵ᠦᠨᠳᠦᠰᠦᠨ ᠡᠮᠴᠢᠯᠡᠭᠡᠨ ᠤ | ᠳᠠᠭᠠᠳᠬᠠᠯ ᠤᠨ ᠳᠥᠯᠥᠬᠦ ᠦᠭᠡᠢ ᠵᠠᠷᠤᠳᠠᠯ ᠢ ᠬᠠᠮᠤᠷᠤᠨ᠎ᠠ︶ ᠵᠡᠷᠭᠡ ᠲᠠᠯ᠎ᠠ ᠪᠠᠷ ᠵᠣᠬᠢᠰᠲᠠᠢ ᠬᠠᠷᠠᠭᠠᠯᠵᠠᠨ᠎ᠠ᠃ | ︵ᠠᠷᠪᠠᠨ ᠨᠢᠭᠡ︶ ᠭᠠᠷᠲᠠᠨ ᠭᠦᠢᠴᠡᠳᠬᠡᠬᠦ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ᠠᠪᠤᠷᠠᠨ ᠲᠤᠰᠠᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠷᠢᠯᠢᠭᠵᠢᠭᠤᠯᠤᠨ | ᠲᠡᠭᠦᠯᠳᠡᠷᠵᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ | ᠦᠢᠯᠡᠴᠢᠯᠡᠭᠡᠨ ᠤ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠠᠪᠤᠷᠠᠨ ᠲᠤᠰᠠᠯᠠᠭᠳᠠᠬᠤ ᠡᠲᠡᠭᠡᠳ ᠤᠨ ᠮᠡᠳᠡᠭᠡ | ᠵᠠᠩᠭᠢ ᠶᠢ ᠬᠠᠮᠲᠤᠪᠠᠷ ᠬᠦᠷᠲᠡᠵᠦ ᠬᠠᠷᠢᠯᠴᠠᠨ ᠮᠡᠳᠡᠷᠡᠬᠦ᠂ ᠵᠣᠭᠤᠰ ᠢᠶᠠᠷ ᠲᠡᠳᠬᠦᠵᠦ ᠳᠠᠭᠠᠳᠬᠠᠯ ᠳᠤ ᠣᠷᠣᠯᠴᠠᠭᠤᠯᠬᠤ | ᠂ ᠣᠯᠭᠤᠮᠵᠢ ᠣᠯᠭᠤᠬᠤ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ︽ᠨᠢᠭᠡ | ᠥᠷᠲᠡᠭᠡᠨ ᠤ ᠮᠠᠶ᠋ᠢᠭ︾ ᠤᠨ ᠦᠢᠯᠡᠴᠢᠯᠡᠭᠡ᠂ ︽ᠨᠢᠭᠡ ᠴᠤᠩᠬᠤᠪᠴᠢ︾ ᠪᠠᠷ ᠭᠦᠢᠴᠡᠳᠬᠡᠬᠦ᠂ ︽ᠨᠢᠭᠡ | ᠪᠠᠷᠢᠮᠲᠠ ᠶᠢᠨ ᠳᠦᠷᠢᠮ︾ ᠢᠶᠠᠷ ᠳ᠋ᠦᠩᠨᠡᠨ ᠪᠤᠳᠤᠬᠤ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠳ᠋ᠦᠩᠨᠡᠨ | ᠪᠤᠳᠤᠬᠤ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠦᠨᠳᠦᠰᠦᠨ ᠡᠮᠴᠢᠯᠡᠭᠡᠨ ᠤ | ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠦᠢᠯᠡᠴᠢᠯᠡᠭᠡ ᠶᠢᠨ ᠠᠭᠤᠰᠤᠯᠴᠠᠯ ᠢ ᠠᠬᠢᠭᠤᠯᠵᠤ᠂ ᠪᠦᠬᠦ | ᠤᠯᠤᠰ ᠤᠨ ᠨᠢᠭᠡᠳᠦᠯᠲᠡᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ | ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠨ᠎ᠠ᠃ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠥᠪᠳᠡᠯᠴᠡᠭᠡᠷ ᠢ ᠭᠦᠢᠴᠡᠳᠬᠡᠬᠦ ᠶᠢ ᠰᠢᠯᠭᠠᠨ ᠬᠢᠨᠠᠬᠤ ᠠᠷᠭ᠎ᠠ ᠶᠢ | ᠲᠡᠭᠦᠯᠳᠡᠷᠵᠢᠭᠦᠯᠵᠦ᠂ ᠦᠶ᠋ᠯᠡ ᠠᠵᠢᠯᠯᠠᠭ᠎ᠠ ᠶᠢᠨ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ ᠪᠠ ᠡᠵᠡᠮᠳᠡᠯ ᠤᠨ | ᠰᠢᠯᠭᠠᠨ ᠬᠢᠨᠠᠵᠤ ᠦᠨᠡᠯᠡᠬᠦ ᠶᠢ ᠲᠣᠪᠤᠶᠢᠯᠭᠠᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ | ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠪᠣᠯᠭᠠᠵᠤ᠂ ᠵᠠᠷᠤᠳᠠᠯ ᠢ ᠬᠢᠨᠠᠨ ᠡᠵᠡᠮᠳᠡᠬᠦ᠂ ᠮᠥᠷᠳᠡᠨ ᠪᠠᠶᠢᠴᠠᠭᠠᠵᠤ ᠬᠢᠨᠠᠨ | ᠬᠠᠷᠭᠤᠭᠤᠯᠬᠤ ᠠᠵᠢᠯ ᠢ ᠰᠠᠶᠢᠲᠤᠷ ᠬᠢᠵᠦ᠂ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠥᠨᠳᠥᠷ | ᠳᠠᠷᠤᠯᠲᠠ ᠲᠠᠢ ᠪᠠᠶᠢᠳᠠᠯ ᠢ ᠪᠠᠲᠤᠯᠠᠨ᠂ ᠡᠮᠴᠢᠯᠡᠭᠡᠨ ᠤ ᠠᠪᠤᠷᠠᠨ ᠲᠤᠰᠠᠯᠠᠬᠤ ᠦᠢᠯᠡᠴᠢᠯᠡᠭᠡᠨ ᠢ ᠥᠷᠨᠢᠭᠦᠯᠵᠦ ᠪᠠᠶᠢᠭ᠎ᠠ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠭᠤᠣᠯᠳᠠᠯᠭ᠎ᠠ ᠲᠠᠢ ᠬᠢᠨᠠᠨ ᠡᠵᠡᠮᠳᠡᠵᠦ᠂ ᠰᠠᠭᠤᠷᠢ | ᠮᠥᠩᠭᠦ ᠶᠢᠨ ᠠᠮᠤᠷ ᠲᠦᠪᠰᠢᠨ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠭᠳᠡᠬᠦ ᠶᠢ ᠦᠨᠡᠨᠬᠦ ᠪᠠᠲᠤᠯᠠᠨ᠎ᠠ᠃ | ︵ᠠᠷᠪᠠᠨ ᠬᠤᠶᠠᠷ︶ ᠠᠪᠤᠷᠠᠨ ᠲᠤᠰᠠᠯᠠᠯᠲᠠ ᠶᠢᠨ ᠭᠤᠶᠤᠴᠢᠯᠠᠯ ᠢ ᠬᠢᠨᠠᠨ ᠬᠠᠷᠭᠤᠭᠤᠯᠬᠤ ᠶᠠᠪᠤᠴᠠ ᠶᠢ | ᠰᠢᠯᠢᠳᠡᠭᠵᠢᠭᠦᠯᠦᠨ᠎ᠡ᠃ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠬᠤ ᠮᠥᠩᠭᠦ ᠥᠭᠬᠦ ᠶᠠᠪᠤᠴᠠ ᠶᠢ | ᠳᠥᠭᠦᠮᠴᠢᠯᠡᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠲᠡᠭᠡᠳ᠂ ᠣᠨᠴᠠ ᠬᠦᠴᠢᠷᠳᠡᠯᠲᠡᠢ | ᠬᠥᠮᠥᠰ ᠢ ᠰᠢᠰᠲ᠋ᠧᠮ ᠳᠤ ᠲᠡᠮᠳᠡᠭᠯᠡᠵᠦ᠂ ᠰᠠᠷ᠎ᠠ ᠪᠠᠷ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠲᠡᠭᠡᠳ᠂ ᠣᠨᠴᠠ ᠬᠦᠴᠢᠷᠳᠡᠯᠲᠡᠢ ᠬᠥᠮᠥᠰ ᠢ ᠰᠢᠭᠤᠳ ︽ᠨᠢᠭᠡ | ᠦᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠳᠤ ᠣᠷᠣᠭᠤᠯᠤᠨ᠎ᠠ᠃ ᠰᠠᠯᠠᠭ᠎ᠠ ᠮᠥᠴᠢᠷ ᠤᠨ ᠠᠵᠢᠯ ᠤᠨ | ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ | ᠪᠥᠬᠦ ᠲᠠᠯ᠎ᠠ ᠪᠠᠷ ᠵᠣᠯᠭᠠᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠦᠴᠢᠷᠳᠡᠯᠲᠡᠢ | ᠣᠯᠠᠨ ᠲᠦᠮᠡᠨ ᠤ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ | ᠰᠠᠯᠭᠠᠨ ᠭᠦᠢᠴᠡᠳᠬᠡᠬᠦ ᠰᠢᠯᠵᠢᠭᠦᠯᠦᠨ ᠭᠦᠢᠴᠡᠳᠬᠡᠬᠦ ᠵᠢᠴᠢ ᠦᠷ᠎ᠡ ᠳ᠋ᠦᠩ ᠢ ᠬᠠᠷᠢᠭᠤ ᠲᠤᠰᠬᠠᠬᠤ ᠠᠵᠢᠯ ᠢ | ᠰᠠᠶᠢᠲᠤᠷ ᠬᠢᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ | ᠨᠡᠶᠢᠭᠡᠮ ᠲᠣᠭᠤᠷᠢᠭ︶ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠪᠤᠷᠠᠨ ᠲᠤᠰᠠᠯᠠᠯᠲᠠ ᠶᠢᠨ ᠭᠤᠶᠤᠴᠢᠯᠠᠯ ᠨᠠᠶᠢᠳᠠᠵᠤ ᠣᠷᠣᠯᠠᠨ | ᠭᠦᠢᠴᠡᠳᠬᠡᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤᠨᠢ ᠰᠠᠨᠠᠭᠠᠴᠢᠯᠠᠭ᠎ᠠ | ᠠᠴᠠ ᠪᠠᠨ ᠬᠠᠪᠰᠤᠷᠤᠨ᠎ᠠ᠃ | ︵ᠠᠷᠪᠠᠨ ᠭᠤᠷᠪᠠ︶ ᠭᠤᠶᠤᠴᠢᠯᠠᠯ ᠢᠶᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ᠎ᠠ᠃ ︽ᠤᠷᠢᠳᠠᠪᠠᠷ ᠳᠠᠭᠠᠳᠬᠠᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠲᠥᠯᠥᠭᠰᠡᠨ ᠤ ᠳᠠᠷᠠᠭ᠎ᠠ | ᠬᠤᠪᠢ ᠬᠥᠮᠥᠨ ᠤ ᠡᠮᠴᠢᠯᠡᠭᠡᠨ ᠤ ᠵᠠᠷᠤᠳᠠᠯ ᠤᠨ ᠡᠭᠦᠷᠭᠡᠯᠡᠯ ᠨᠢ ᠮᠥᠨ ᠬᠦ ᠨᠡᠯᠢᠶᠡᠳ ᠬᠦᠨᠳᠦ ᠪᠠᠶᠢᠭ᠎ᠠ ᠠᠪᠤᠷᠠᠨ | ᠲᠤᠰᠠᠯᠠᠭᠳᠠᠬᠤ ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠡᠪᠡᠳᠴᠢᠨ ᠠᠴᠠ | ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠦᠴᠦ ᠬᠠᠮᠲᠤᠳᠬᠠᠨ ᠰᠡᠷᠭᠡᠶᠢᠯᠡᠨ᠎ᠡ᠃ ᠣᠨᠴᠠ | ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠲᠡᠭᠡᠳ ᠢᠶᠠᠷ ᠨᠢᠭᠡᠨᠲᠡ ᠦᠨᠡᠮᠰᠢᠭᠰᠡᠨ | ᠪᠠᠶᠢᠪᠠᠯ᠂ ᠰᠢᠭᠤᠳ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠨ᠎ᠡ︔ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ ᠪᠠ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ | ᠳᠠᠬᠢᠨ ᠶᠠᠳᠠᠭᠤᠷᠠᠭᠰᠠᠨ ᠰᠢᠨ᠎ᠡ ᠪᠠᠷ ᠶᠠᠳᠠᠭᠤᠷᠠᠭᠰᠠᠨ ᠬᠥᠮᠥᠨ ᠠᠮᠠ᠂ ᠡᠪᠡᠳᠴᠢᠨ ᠠᠴᠠ ᠪᠣᠯᠵᠤ ᠶᠠᠳᠠᠭᠤᠷᠠᠭᠰᠠᠨ | ᠬᠦᠨᠳᠦ ᠡᠪᠡᠳᠴᠢᠲᠡᠨ ᠳᠤ ᠡᠮᠴᠢᠯᠡᠭᠡᠨ ᠤ ᠠᠪᠤᠷᠠᠨ ᠲᠤᠰᠠᠯᠠᠬᠤ ᠶᠢ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠨᠥᠬᠦᠴᠡᠯ ᠳᠤ ᠨᠡᠶᠢᠴᠡᠬᠦ ᠠᠪᠤᠷᠠᠨ ᠲᠤᠰᠠᠯᠠᠭᠳᠠᠬᠤ ᠡᠲᠡᠭᠡᠳ ᠴᠠᠭ ᠲᠤᠬᠠᠢ ᠳᠤᠨᠢ ᠠᠪᠤᠷᠠᠨ | ᠲᠤᠰᠠᠯᠠᠭᠳᠠᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠠᠪᠤᠷᠠᠨ | ᠲᠤᠰᠠᠯᠠᠬᠤ ᠳᠤ ᠣᠷᠣᠯᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠯᠲᠠ᠂ ᠲᠦᠷ | ᠴᠠᠭ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠵᠡᠷᠭᠡ ᠶᠡᠷᠦᠩᠬᠡᠶᠢᠯᠡᠭᠰᠡᠨ ᠴᠢᠨᠠᠷᠲᠠᠢ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠪᠣᠳᠠᠲᠠᠢ | ᠪᠠᠶᠢᠳᠠᠯ ᠢ ᠦᠨᠳᠦᠰᠦᠯᠡᠨ᠂ ︽ᠨᠢᠭᠡ ᠬᠡᠷᠡᠭ ᠲᠤ ᠨᠢᠭᠡ ᠵᠦᠪᠯᠡᠭᠡ︾ ᠶᠢᠨ ᠠᠷᠭ᠎ᠠ ᠮᠠᠶ᠋ᠢᠭ ᠢ ᠠᠪᠴᠤ᠂ ᠲᠠᠰ | ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠠᠷ ᠥᠷᠨᠢᠭᠦᠯᠦᠨ᠎ᠡ᠃ | ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠨ | ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠦᠨ᠎ᠡ᠃ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ᠂ ᠬᠤᠪᠢ ᠬᠥᠮᠥᠨ ᠤ ᠪᠣᠳᠠᠲᠠᠢ ᠵᠠᠷᠤᠳᠠᠯ ᠢ ᠡᠭᠦᠷᠭᠡᠯᠡᠵᠦ ᠪᠠᠶᠢᠭ᠎ᠠ ᠪᠠᠶᠢᠳᠠᠯ ᠢ ᠦᠨᠳᠦᠰᠦᠯᠡᠨ ᠵᠦᠢ | ᠵᠣᠬᠢᠰᠲᠠᠢ ᠲᠣᠭᠲᠠᠭᠠᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠤᠭᠰᠠᠨ | ᠬᠥᠮᠥᠰ ᠲᠤ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠨ᠎ᠠ᠃ | ︵ᠠᠷᠪᠠᠨ ᠳᠥᠷᠪᠡ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠲᠣᠳᠣᠷᠬᠠᠶᠢᠯᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠡᠪᠡᠳᠴᠢᠨ | ᠦᠵᠡᠭᠦᠯᠬᠦ ᠦᠶ᠋ᠯᠡ ᠠᠵᠢᠯᠯᠠᠭ᠎ᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠠᠪᠤᠷᠠᠨ ᠲᠤᠰᠠᠯᠠᠯᠲᠠ ᠭᠥᠷᠳᠡᠬᠦ | ᠡᠲᠡᠭᠡᠳ ᠢ ᠦᠨᠳᠦᠰᠦᠨ ᠱᠠᠲᠤᠨ ᠳᠤ ᠠᠩᠬ᠎ᠠ ᠡᠮᠨᠡᠭᠦᠯᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ᠂ | ᠲᠦᠷᠭᠡᠨ ᠪᠠ ᠤᠳᠠᠭᠠᠨ ᠡᠪᠡᠳᠴᠢᠨ ᠢ ᠰᠠᠯᠭᠠᠨ ᠡᠮᠨᠡᠬᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠭᠰᠡᠨ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠪᠠᠶᠢᠭᠤᠯᠣᠨ᠎ᠠ᠃ ᠠᠪᠤᠷᠠᠨ ᠲᠤᠰᠠᠯᠠᠬᠤ | ᠡᠲᠡᠭᠡᠳ ᠢ ᠬᠥᠲᠥᠯᠥᠨ ᠵᠢᠯᠤᠭᠤᠳᠴᠤ ᠡᠩ ᠲᠡᠷᠢᠭᠦᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠡᠮᠨᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠦᠢᠯᠡᠴᠢᠯᠡᠭᠡᠨ ᠤ ᠴᠢᠳᠠᠪᠤᠷᠢ ᠠᠴᠠ | ᠳᠠᠪᠠᠭᠰᠠᠨ ᠡᠪᠡᠳᠴᠢᠨ ᠢ ᠱᠠᠭᠠᠷᠳᠠᠯᠭ᠎ᠠ ᠶᠣᠰᠣᠭᠠᠷ ᠱᠠᠲᠤ ᠳᠠᠷᠠᠭᠠᠯᠠᠨ ᠵᠢᠷᠤᠮᠵᠢᠭᠤᠯᠤᠨ ᠰᠢᠯᠵᠢᠭᠦᠯᠦᠨ ᠡᠮᠨᠡᠭᠦᠯᠵᠦ᠂ | ᠵᠦᠢ ᠵᠣᠬᠢᠰᠲᠠᠢ ᠪᠠᠷ ᠡᠮᠨᠡᠭᠦᠯᠬᠦ ᠶᠢ ᠠᠬᠢᠭᠤᠯᠤᠨ᠎ᠠ᠃ ᠣᠨᠣᠰᠢᠯᠠᠨ ᠡᠮᠨᠡᠬᠦ ᠲᠥᠰᠥᠯ ᠢ ᠲᠣᠳᠣᠷᠬᠠᠶᠢᠯᠠᠬᠤ᠂ | ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠵᠦᠢ ᠵᠣᠬᠢᠰᠲᠠᠢ᠂ ᠴᠢᠬᠤᠯᠠ ᠪᠦᠬᠦᠢ ᠡᠮᠴᠢᠯᠡᠭᠡᠨ ᠤ ᠦᠢᠯᠡᠴᠢᠯᠡᠭᠡ | ᠬᠠᠩᠭᠠᠯᠭᠠᠵᠤ᠂ ᠵᠦᠢ ᠵᠣᠬᠢᠰ ᠦᠭᠡᠢ ᠡᠮᠴᠢᠯᠡᠭᠡᠨ ᠤ ᠵᠠᠷᠤᠳᠠᠯ ᠢ ᠴᠢᠩᠭ᠎ᠠ ᠬᠢᠵᠠᠭᠠᠷᠯᠠᠨ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠥᠪᠡᠷᠲᠡᠭᠡᠨ ᠳᠥᠯᠥᠬᠦ ᠵᠠᠷᠤᠳᠠᠯ ᠤᠨ ᠬᠠᠷᠢᠴᠠᠯ ᠢ ᠵᠦᠢ ᠵᠣᠬᠢᠰᠲᠠᠢ ᠬᠢᠵᠠᠭᠠᠷᠯᠠᠵᠤ | ᠂ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠵᠦ᠂ | ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠬᠠᠷᠢᠴᠠᠯ ᠢ 5% ᠠᠴᠠ | ᠳᠠᠪᠠᠭᠤᠯᠬᠤ ᠦᠭᠡᠢ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ | ᠵᠠᠷᠤᠳᠠᠯ ᠤᠨ ᠬᠠᠷᠢᠴᠠᠯ ᠢ 10% ᠠᠴᠠ ᠳᠠᠪᠠᠭᠤᠯᠬᠤ ᠦᠭᠡᠢ᠃ ᠦᠨᠳᠦᠰᠦᠨ ᠱᠠᠲᠤᠨ ᠳᠤ ᠠᠩᠬ᠎ᠠ ᠡᠮᠨᠡᠭᠦᠯᠵᠦ | ᠰᠢᠯᠵᠢᠭᠦᠯᠦᠨ ᠡᠮᠨᠡᠭᠦᠯᠦᠭᠰᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠲᠡᠭᠡᠳ᠂ ᠣᠨᠴᠠ | ᠬᠦᠴᠢᠷᠳᠡᠯ ᠲᠠᠢ ᠬᠥᠮᠥᠰ ᠬᠤᠲᠠ ᠶᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠡᠮᠨᠡᠯᠭᠡ ᠳᠤ ᠰᠠᠭᠤᠵᠤ᠂ ᠡᠮᠴᠢᠯᠡᠭᠡᠨ ᠤ ᠳᠠᠭᠠᠳᠬᠠᠯ ᠤᠨ ᠺᠠᠷᠲ᠂ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ | ᠬᠦᠴᠢᠷᠳᠡᠯ ᠲᠠᠢ ᠬᠠᠮᠢᠶ᠎ᠠ ᠪᠦᠬᠦᠢ ᠭᠡᠷᠡᠴᠢ ︵ᠦᠨᠡᠮᠯᠡᠯ︶ ᠪᠠᠷ ᠢᠶᠠᠨ ᠡᠮᠨᠡᠯᠭᠡ ᠳᠤ ᠰᠠᠭᠤᠬᠤ ᠭᠠᠷᠳᠠᠮ ᠢ | ᠭᠦᠢᠴᠡᠳᠬᠡᠵᠦ᠂ ᠡᠮᠴᠢᠯᠡᠭᠡᠨ ᠤ ᠪᠠᠶᠢᠭᠤᠯᠤᠮᠵᠢ ᠯᠤᠭ᠎ᠠ ︽ᠤᠷᠢᠳᠠᠪᠠᠷ ᠣᠨᠣᠰᠢᠯᠠᠨ ᠡᠮᠨᠡᠵᠦ᠂ ᠳᠠᠷᠠᠭ᠎ᠠ ᠨᠢ ᠵᠠᠷᠤᠳᠠᠯ | ᠲᠤᠰᠢᠶᠠᠬᠤ︾ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠰᠢᠭᠤᠳ ᠡᠮᠨᠡᠯᠭᠡ ᠳᠤ ᠰᠠᠭᠤᠵᠤ ᠡᠮᠨᠡᠭᠦᠯᠦᠨ᠎ᠡ᠂ | ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠲᠤᠰᠢᠶᠠᠬᠤ ᠴᠢᠬᠤᠯᠠ ᠦᠭᠡᠢ᠂ ᠲᠣᠭᠲᠠᠭᠠᠯ ᠶᠣᠰᠣᠭᠠᠷ ᠦᠨᠳᠦᠰᠦᠨ | ᠡᠮᠴᠢᠯᠡᠭᠡᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠢ ᠳ᠋ᠦᠩᠨᠡᠨ ᠪᠤᠳᠤᠬᠤ ᠶᠢ | ᠰᠠᠶᠢᠲᠤᠷ ᠬᠢᠬᠦ ᠬᠡᠷᠡᠭᠲᠡᠢ᠃ ᠠᠪᠤᠷᠠᠨ ᠲᠤᠰᠠᠯᠠᠬᠤ ᠡᠲᠡᠭᠡᠳ ᠤᠨ ᠮᠤᠵᠢ ᠶᠢᠨ ᠬᠡᠪᠴᠢᠶᠡᠨ ᠠᠴᠠ ᠭᠠᠳᠠᠨᠠᠬᠢ | ᠰᠦᠯᠵᠢᠶᠡᠨ ᠳᠡᠭᠡᠷ᠎ᠡ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠬᠤ᠂ ᠣᠨᠳᠣᠣ ᠭᠠᠵᠠᠷ ᠲᠤ | ᠲᠥᠪᠬᠢᠨᠡᠭᠦᠯᠬᠦ ᠪᠠ ᠮᠤᠵᠢ ᠶᠢᠨ ᠬᠡᠪᠴᠢᠶᠡᠨ ᠳᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ | ᠦᠵᠡᠭᠦᠯᠬᠦ ᠶᠢ ᠰᠠᠶᠢᠲᠤᠷ ᠬᠢᠵᠦ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠨᠢᠭᠡᠳᠦᠯᠲᠡᠢ ᠲᠥᠯᠥᠪᠯᠡᠬᠦ | ᠭᠠᠵᠠᠷ ᠣᠷᠣᠨ ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠭᠲᠠᠭᠠᠯ ᠶᠣᠰᠣᠭᠠᠷ ᠰᠢᠯᠵᠢᠭᠦᠯᠦᠨ | ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ ᠤᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠵᠠᠷᠴᠢᠮ | ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠦᠭᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠨᠠᠮ ᠤᠨ ᠬᠤᠷᠢᠶ᠎ᠠ | ᠤᠳᠤᠷᠢᠳᠤᠭᠰᠠᠨ᠂ ᠵᠠᠰᠠᠭ ᠤᠨ ᠣᠷᠳᠣᠨ ᠢᠶᠠᠷ ᠭᠤᠣᠯᠯᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ | ᠨᠡᠶᠢᠭᠡᠮ ᠢᠶᠠᠷ ᠢᠶᠠᠨ ᠣᠷᠣᠯᠴᠠᠭᠰᠠᠨ ᠬᠦᠨᠳᠦ ᠣᠨᠴᠠ ᠶᠡᠭᠡ ᠡᠪᠡᠳᠴᠢᠨ ᠤ ᠪᠠᠲᠤᠯᠠᠭ᠎ᠠ ᠶᠢᠨ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠤ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ | ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢᠨ | ᠦᠨᠡᠯᠡᠯᠲᠡ ᠳᠤ ᠣᠷᠣᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠨᠠᠷᠢᠨ ᠬᠠᠭᠤᠳᠠᠰᠤ ᠶᠢᠨ | ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ | ᠬᠦᠷᠢᠶ᠎ᠡ ᠬᠡᠪᠴᠢᠶ᠎ᠡ ᠶᠢ ᠦᠨᠡᠨᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠨ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠂ ᠳᠦᠷᠢᠮ ᠢ | ᠦᠷᠭᠦᠯᠵᠢᠯᠡᠨ ᠬᠥᠭᠵᠢᠭᠦᠯᠵᠦ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠳᠤ ᠴᠠᠭ | ᠲᠤᠬᠠᠢ ᠳᠤᠨᠢ ᠬᠠᠷᠢᠭᠤ ᠥᠭᠴᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠨ᠎ᠠ᠃ | | ︵ᠬᠤᠶᠠᠷ︶ ᠰᠠᠯᠠᠭ᠎ᠠ ᠮᠥᠴᠢᠷ ᠤᠨ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠰᠠᠯᠠᠭ᠎ᠠ | ᠮᠥᠴᠢᠷ ᠤᠨ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ᠂ | ᠨᠡᠶᠢᠭᠡᠮ ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠤᠨ ᠲᠥᠷᠥ ᠶᠢᠨ ᠪᠣᠳᠣᠯᠭ᠎ᠠ | ᠵᠢᠴᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭᠠᠲᠤ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠶᠢᠨ ᠪᠦᠷᠢᠯᠳᠦᠭᠦᠨ ᠵᠡᠷᠭᠡ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ | ᠲᠣᠭᠲᠠᠭᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠪᠡᠳᠴᠢᠨ ᠠᠴᠠ | ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ᠂ ᠨᠢᠭᠦᠯᠡᠰᠦᠩᠭᠦᠢ ᠶᠢᠨ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢ | ᠳᠡᠮᠵᠢᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠪᠡᠯᠡ ᠮᠥᠩᠭᠦ ᠶᠢᠨ | ᠳᠡᠮᠵᠢᠯᠭᠡ ᠶᠢ ᠰᠠᠶᠢᠲᠤᠷ ᠬᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ | ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠣᠨᠣᠰᠢᠯᠠᠨ ᠡᠮᠨᠡᠬᠦ ᠠᠷᠭ᠎ᠠ ᠵᠠᠮ ᠢ | ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠢ᠃ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠬᠤᠷᠢᠶᠠᠬᠤ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ | ᠭᠦᠢᠴᠡᠳᠬᠡᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯᠳᠤᠭᠠᠨ ᠤ ᠡᠷᠡᠭᠦᠯ | ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠵᠢᠷᠤᠮᠵᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ | ᠬᠡᠮᠵᠢᠯᠲᠡ ᠶᠢᠨ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠠᠳ ᠲᠣᠭᠲᠠᠭᠤᠨ ᠪᠤᠰᠤ ᠪᠠᠶᠢᠭ᠎ᠠ ᠡᠷᠦᠬᠡ᠂ | ᠠᠮᠠᠷᠬᠠᠨ ᠶᠠᠳᠠᠭᠤᠷᠠᠬᠤ ᠳᠤ ᠣᠶᠢᠷᠠᠲᠤᠭᠰᠠᠨ ᠡᠷᠦᠬᠡ ᠪᠠ ᠭᠡᠨᠡᠳᠲᠡ ᠠᠴᠠ ᠪᠣᠯᠣᠭᠰᠠᠨ ᠬᠦᠨᠳᠦ ᠨᠣᠴᠢᠲᠠᠢ | ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠥᠰ ᠲᠤ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ | ᠲᠡᠳᠬᠦᠬᠦ ᠶᠢ ᠭᠤᠣᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠬᠦ | ᠬᠡᠷᠡᠭᠲᠡᠢ᠃ ᠠᠵᠢᠯᠴᠢᠨ ᠤ ᠡᠪᠯᠡᠯ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠲᠠᠯ᠎ᠠ ᠪᠠᠷ ᠬᠠᠷᠢᠯᠴᠠᠨ | ᠬᠠᠪᠰᠤᠷᠤᠯᠴᠠᠬᠤ ᠪᠠ ᠬᠦᠨᠳᠦ ᠡᠪᠡᠳᠴᠢᠨ ᠳᠤ ᠨᠡᠷᠪᠡᠭᠳᠡᠭᠰᠡᠨ ᠬᠦᠴᠢᠷᠳᠡᠯ ᠲᠠᠢ ᠠᠵᠢᠯᠲᠠᠨ ᠠᠵᠢᠯᠴᠢᠨ ᠢ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠦᠨᠳᠦ ᠡᠪᠡᠳᠴᠢᠨ ᠳᠤ ᠨᠡᠷᠪᠡᠭᠳᠡᠭᠰᠡᠨ᠂ | ᠨᠥᠬᠦᠴᠡᠯ ᠳᠤ ᠨᠡᠶᠢᠴᠡᠬᠦ ᠬᠦᠴᠢᠷᠳᠡᠯ ᠲᠠᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ | ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠶᠢᠨ ᠡᠷᠡᠭᠦᠯ ᠢᠶᠠᠷ | ᠬᠥᠭᠵᠢᠬᠦ ᠶᠢ ᠢᠳᠡᠪᠬᠢᠲᠡᠢ ᠲᠡᠮᠵᠢᠨ᠎ᠠ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠵᠡᠮᠳᠡᠭᠴᠦᠳ ᠤᠨ | ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠠᠵᠢᠯᠲᠠᠨ ᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠰᠠᠶᠢᠲᠤᠷ ᠬᠢᠨ᠎ᠡ᠃ | ︵ᠭᠤᠷᠪᠠ︶ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ | ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠭᠰᠠᠨ ᠰᠠᠭᠤᠷᠢᠨ | ᠳᠡᠭᠡᠷ᠎ᠡ᠂ ᠰᠠᠭᠤᠷᠢ ᠮᠥᠩᠭᠦ ᠶᠢᠨ ᠲᠥᠰᠥᠪ ᠪᠠ ᠲᠥᠷᠥ ᠶᠢᠨ ᠪᠣᠳᠣᠯᠭ᠎ᠠ ᠲᠣᠭᠲᠠᠭᠠᠬᠤ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠡᠮᠴᠢᠯᠡᠭᠡᠨ ᠤ ᠠᠪᠤᠷᠠᠨ ᠲᠤᠰᠠᠯᠠᠬᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠬᠦᠴᠦᠨ ᠢ | ᠲᠠᠶᠢᠴᠢᠯᠠᠨ᠂ ᠨᠢᠭᠦᠯᠡᠰᠦᠩᠭᠦᠢ ᠶᠢᠨ ᠦᠢᠯᠡᠰ ᠪᠠ ᠨᠡᠶᠢᠭᠡᠮ ᠤᠨ ᠲᠤᠰᠠᠯᠠᠮᠵᠢ ᠵᠡᠷᠭᠡ ᠤᠯᠠᠨ ᠠᠷᠭ᠎ᠠ ᠵᠠᠮ ᠢᠶᠠᠷ ᠪᠡᠯᠡ | ᠮᠥᠩᠭᠦ ᠴᠤᠭᠯᠠᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠨᠢᠭᠡᠳᠦᠯᠲᠡᠢ | ᠲᠥᠯᠥᠪᠯᠡᠨ᠎ᠡ᠃ ᠲᠥᠰᠥᠪ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠰᠥᠪ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ ᠯᠤᠭ᠎ᠠ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠠᠪᠤᠷᠠᠨ | ᠲᠤᠰᠠᠯᠠᠬᠤ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠳᠥᠷᠪᠡ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ | ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠬᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ | ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ | ᠲᠤᠭ᠎ᠠ ᠶᠢ ᠦᠨᠳᠦᠰᠦᠯᠡᠨ᠂ ᠡᠮᠴᠢᠯᠡᠭᠡᠨ ᠤ ᠪᠠᠲᠤᠯᠠᠭ᠎ᠠ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠪᠣᠯᠣᠨ ᠦᠢᠯᠡᠴᠢᠯᠡᠭᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ | ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ᠎ᠠ᠃ ᠨᠡᠶᠢᠭᠡᠮ ᠤᠨ | ᠬᠦᠴᠦᠨ ᠢ ᠢᠳᠡᠪᠬᠢᠲᠡᠢ ᠲᠡᠳᠡᠨ ᠭᠠᠷᠲᠠᠨ ᠭᠦᠢᠴᠡᠳᠬᠡᠬᠦ ᠦᠢᠯᠡᠴᠢᠯᠡᠭᠡᠨ ᠳᠤ ᠣᠷᠣᠯᠴᠠᠭᠤᠯᠵᠤ᠂ ᠡᠮᠴᠢᠯᠡᠭᠡᠨ ᠤ | ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠢ ᠳᠣᠷᠣᠭᠰᠢ ᠪᠠᠭᠤᠯᠭᠠᠬᠤ ᠶᠢ ᠶᠡᠬᠡᠪᠡᠷ | ᠠᠬᠢᠭᠤᠯᠵᠤ᠂ ᠮᠡᠳᠡᠭᠡ ᠵᠠᠩᠭᠢᠵᠢᠯᠲᠠ ᠪᠠ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠭᠤᠣᠯᠳᠠᠯᠭ᠎ᠠ ᠲᠠᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠠᠪᠤᠷᠠᠨ ᠲᠣᠰᠠᠯᠠᠯᠲᠠ ᠶᠢᠨ ᠲᠥᠷᠥ ᠶᠢᠨ ᠪᠣᠳᠣᠯᠭ᠎ᠠ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠦᠨᠳᠦᠰᠦᠨ ᠱᠠᠲᠤᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰ ᠲᠥᠰᠥᠯ ᠢ 2023 ᠣᠨ ᠤ 1 ᠳ᠋ᠦ᠋ᠭᠡᠷ ᠰᠠᠷ᠎ᠠ ᠶᠢᠨ | 1 ᠠᠴᠠ ᠡᠬᠢᠯᠡᠵᠦ ᠬᠡᠷᠡᠭᠵᠢᠭᠦᠯᠦᠨ᠎ᠡ᠃ |