ᠨᠠᠷᠠᠠᠮᠠᠨᠳᠤᠯ᠎ᠠ
ᠨᠡᠶᠢᠲᠡᠯᠡᠭᠰᠡᠨ ᠴᠠᠭ᠄
2023/2/22
   ᠨᠠᠷᠠᠠᠮᠠᠨᠳᠤᠯ᠎ᠠ ︵1945 —︶᠂ ᠠᠨᠳᠠᠢ ᠶᠢᠨ ᠤᠯᠠᠮᠵᠢᠯᠠᠨ ᠵᠠᠯᠭᠠᠮᠵᠢᠯᠠᠭᠴᠢ᠂ ᠭᠦᠷᠢᠶ᠎ᠡ ᠬᠤᠰᠢᠭᠤᠨ ᠤ ᠭᠦᠷᠢᠶ᠎ᠡ ᠪᠠᠯᠭᠠᠰᠦ ᠶᠢᠨ ᠵᠤᠵᠠᠭᠠᠨ ᠭᠠᠴᠠᠭ᠎ᠠ ᠶᠢᠨ ᠠᠷᠠᠳ ᠤᠨ ᠪᠠᠭᠰᠢ ᠠᠶᠤᠷᠰᠠᠨᠠᠭ᠎ᠠ ᠶᠢᠨ ᠤᠤᠭᠠᠨ ᠭᠦᠪᠡᠭᠦᠨ ᠨᠢ ᠪᠤᠯᠵᠦ ᠵᠠᠶᠠᠭᠠᠵᠠᠢ᠃ 1965 ᠤᠨ ᠳᠤ ᠲᠡᠷᠡ ᠭᠠᠨᠵᠤᠭ᠎ᠠ ᠳᠠᠬᠢ ᠦᠨᠳᠦᠷ ᠵᠡᠷᠬᠡ ᠶᠢᠨ ᠲᠤᠮᠳᠠᠳᠦ ᠰᠤᠷᠭᠠᠭᠤᠯᠢ  ᠪᠠᠨ ᠲᠡᠭᠦᠰᠬᠡᠵᠦ᠂ ᠨᠤᠳᠤᠭ ᠲᠠᠭᠠᠨ ᠪᠤᠴᠠᠵᠦ ᠭᠦᠳᠡᠯᠮᠦᠷᠢ ᠳᠤ ᠤᠷᠤᠯᠴᠠᠪᠠ᠃ 1966 ᠤᠨ ᠳᠤ ᠲᠡᠷᠡ ᠲᠦᠷᠦᠭᠰᠡᠨ ᠨᠤᠳᠤᠭ ᠵᠤᠵᠠᠭᠠᠨ ᠠᠶᠢᠯ ᠳᠠᠭᠠᠨ ᠠᠷᠠᠳ ᠠᠴᠠ ᠡᠷᠬᠢᠯᠡᠭᠰᠡᠨ ᠪᠠᠭᠰᠢ ᠪᠠᠷ ᠠᠵᠢᠯᠯᠠᠵᠦ᠂ 1980 ᠤᠨ  ᠳᠤ ᠪᠠᠭᠰᠢ ᠶᠢᠨ ᠠᠵᠢᠯ ᠢ ᠨᠢ ᠵᠢᠩᠬᠢᠨᠢᠴᠢᠯᠡᠪᠡ᠃ 1994 ᠤᠨ ᠳᠤ ᠲᠡᠷᠡ ᠲᠤᠮᠳᠠᠳᠦ ᠤᠯᠤᠰ ᠤᠨ ᠡᠪ ᠬᠠᠮᠳᠦ ᠨᠠᠮ ᠳᠤ ᠡᠯᠰᠡᠭᠳᠡᠭᠰᠡᠨ ᠪᠠᠶᠢᠨ᠎ᠠ᠃    ᠪᠦᠵᠢᠭ ᠲᠤ ᠲᠦᠢᠯ ᠤᠨ ᠠᠪᠢᠶᠠᠰᠯᠢᠭ᠂ ᠠᠬᠠᠮᠠᠳ ᠠᠠᠳᠠᠶᠢᠴᠢᠨ ᠡᠷᠳᠡᠨᠢᠪᠠᠯ ᠲᠠᠢ ᠤᠷᠮ᠎ᠠ ᠪᠠᠬ᠎ᠠ ᠨᠢᠬᠡᠳᠠᠢ ᠪᠠᠶᠢᠵᠦ᠂ ᠡᠷᠳᠡᠨᠢᠪᠠᠯ ᠤᠨ ᠠᠨᠳᠠᠢ ᠪᠦᠵᠢᠭ ᠤᠨ ᠭᠦᠳᠡᠯᠬᠡᠬᠡᠨ ᠢ ᠨᠠᠷᠢᠨ ᠬᠢᠨᠠᠮᠠᠭᠠᠢ ᠰᠤᠷᠤᠯᠴᠠᠨ᠂ ᠦᠢᠯᠡᠳᠦᠯᠬᠡ ᠶᠢᠨ ᠲᠤᠮᠳᠠ ᠤᠯᠠᠮᠵᠢᠯᠠᠨ ᠲᠡᠬᠡᠳᠦᠯᠡᠵᠦ᠂ ᠠᠷᠠᠳ ᠤᠨ ᠤᠷᠠᠯᠢᠭ — ᠠᠨᠳᠠᠢ ᠪᠦᠵᠢᠭ ᠢ ᠨᠢᠳᠤᠨ ᠴᠡᠴᠡᠬᠡᠢ ᠰᠢᠭ ᠬᠠᠶᠢᠷᠠᠯᠠᠵᠦ ᠬᠠᠮᠠᠭᠠᠯᠠᠵᠦ ᠶᠠᠪᠤᠭᠰᠠᠨ ᠶᠤᠮ᠃ ᠲᠡᠷᠡ ᠦᠪᠡᠷ ᠤᠨ ᠰᠠᠶᠢᠨ ᠲᠤᠷ᠎ᠠ ᠠᠴᠠ ᠪᠠᠨ  ᠶᠡᠭᠡ   ᠶᠢᠨ  ᠤᠳᠬ᠎ᠠ ᠤᠷᠠᠯᠢᠭ ᠤᠨ ᠪᠦᠯᠭᠦᠮ ᠳᠤ ᠤᠳᠤᠷᠢᠳᠤᠭᠠᠴᠢ ᠪᠠ ᠪᠦᠳᠦᠬᠡᠭᠦ ᠠᠵᠢᠯ ᠢ ᠬᠢᠵᠦ ᠶᠠᠮᠠᠷ ᠴᠠᠭ ᠦᠶ᠎ᠡ᠂ ᠶᠠᠮᠠᠷ ᠤᠯᠤᠰ ᠲᠦᠷᠦ ᠶᠢᠨ ᠤᠷᠴᠢᠨ ᠠᠬᠤᠢ ᠳᠤ ᠴᠦ ᠠᠨᠳᠠᠢ ᠪᠦᠵᠢᠭ ᠢ ᠲᠤᠤᠷ᠎ᠠ ᠶᠠᠩᠰᠢᠪ ᠲᠠᠭᠠᠨ ᠲᠠᠰᠤᠯᠳᠠᠭᠤᠯᠤᠯ ᠦᠬᠡᠢ ᠪᠦᠵᠢᠭᠯᠡᠵᠦ᠂ ᠤᠯᠠᠮᠵᠢᠯᠠᠵᠦ᠂ ᠭᠦᠭᠵᠢᠭᠦᠯᠵᠦ ᠶᠠᠪᠤᠬᠤ ᠶᠢ ᠠᠯᠢ ᠡᠷᠳᠠ ᠠᠩᠬᠠᠷᠤᠯ ᠳᠠᠭᠠᠨ ᠠᠪᠤᠭᠰᠠᠨ ᠭᠦᠮᠦᠨ ᠶᠤᠮ᠃    ᠨᠠᠷᠠᠠᠮᠠᠨᠳᠤᠯ᠎ᠠ ᠬᠡᠳᠦᠶᠢᠪᠠᠷ ᠪᠤᠶᠢᠳᠠ ᠪᠦᠭᠯᠡᠭᠦᠦ ᠭᠦᠳᠡᠭᠡ ᠲᠤᠰᠬᠤᠨ ᠳᠤ ᠠᠵᠢᠯ ᠤᠨ ᠠᠯᠪᠠ ᠲᠠᠢ ᠪᠤᠯᠪᠠᠴᠦ ᠰᠤᠷᠤᠯᠴᠠᠯᠭ᠎ᠠ ᠶᠢ ᠲᠡᠷᠢᠭᠦᠨ ᠳᠤ ᠲᠠᠯᠪᠢᠵᠦ ᠠᠨᠳᠠᠢ ᠰᠤᠳᠤᠯᠳᠠᠭ ᠢᠶᠠᠷ ᠢᠶᠠᠨ 1970 ᠤᠨ ᠳᠤ ᠠᠨᠳᠠᠢ ᠶᠢ ᠵᠦᠴᠦᠬᠡ ᠵᠤᠬᠢᠶᠠᠨ ᠪᠦᠳᠦᠬᠡᠵᠦ᠂ ᠭᠦᠷᠢᠶ᠎ᠡ ᠬᠤᠰᠢᠭᠤᠨ ᠤ ᠠᠵᠢᠯ ᠤᠨ ᠴᠢᠯᠦᠬᠡᠨ ᠤ ᠤᠳᠬ᠎ᠠ ᠤᠷᠠᠯᠢᠭ ᠤᠨ ᠦᠵᠡᠭᠦᠯᠬᠡ ᠳᠤ ᠤᠷᠤᠯᠴᠠᠵᠦ ᠵᠦᠴᠦᠬᠡᠯᠡᠭᠰᠡᠨ ᠶᠤᠮ᠃ 1979 ᠤᠨ ᠳᠤ ᠭᠦᠷᠢᠶ᠎ᠡ ᠬᠤᠰᠢᠭᠤ ᠬᠢᠷᠢᠨ ᠮᠤᠵᠢ ᠳᠤ ᠬᠠᠷᠢᠶᠠᠯᠠᠭᠳᠠᠵᠦ ᠪᠠᠶᠢᠬᠤ ᠳᠤ ᠪᠦᠭᠦ ᠮᠤᠵᠢ ᠶᠢᠨ ᠭᠦᠳᠡᠭᠡ ᠲᠤᠰᠬᠤᠨ ᠤ ᠠᠵᠢᠯ ᠤᠨ ᠴᠢᠯᠦᠬᠡᠨ ᠤ ᠤᠷᠠᠨ ᠰᠠᠶᠢᠬᠠᠨ  ᠤ ᠴᠤᠭᠯᠠᠭᠠᠨ ᠳᠤ ᠤᠷᠤᠯᠴᠠᠵᠦ᠂ ᠲᠡᠭᠦᠨ ᠤ ᠵᠤᠬᠢᠶᠠᠨ ᠪᠦᠳᠦᠬᠡᠭᠰᠡᠨ ︽ᠠᠷᠠᠳ ᠲᠦᠮᠡᠨ ᠮᠠᠨᠳᠤᠳᠤᠭᠠᠢ︾ ᠬᠡᠳᠡᠭ ᠠᠨᠳᠠᠢ ᠪᠦᠵᠢᠭ ᠲᠡᠷᠢᠭᠦᠨ ᠱᠠᠩᠨᠠᠯ ᠲᠤᠰᠤᠭᠰᠠᠨ ᠶᠤᠮ᠃ 1984 ᠤᠨ ᠳᠤ ᠲᠡᠭᠦᠨ ᠤ ᠪᠦᠳᠦᠬᠡᠯ ᠨᠢ ᠭᠦᠷᠢᠶ᠎ᠡ ᠬᠤᠰᠢᠭᠤᠨ ᠤ ᠲᠠᠷᠢᠶᠠᠯᠠᠬᠤ ᠮᠠᠯᠵᠢᠬᠤ ᠤᠷᠤᠨ ᠤ ᠤᠷᠠᠨ ᠰᠠᠶᠢᠬᠠᠨ ᠤ ᠦᠵᠡᠭᠦᠯᠬᠡ ᠳᠤ ᠲᠡᠷᠢᠭᠦᠨ ᠱᠠᠩᠨᠠᠯ ᠤᠯᠪᠠ᠃ 1996 ᠤᠨ ᠳᠤ ᠤᠯᠤᠰ ᠤᠨ ᠰᠤᠶᠤᠯ ᠤᠨ ᠶᠠᠮᠤᠨ ᠠᠴᠠ ᠭᠦᠷᠢᠶ᠎ᠡ ᠬᠤᠰᠢᠭᠤ ᠶᠢ ︽ᠠᠨᠳᠠᠢ ᠶᠢᠨ ᠨᠤᠳᠤᠭ︾  ᠢᠶᠠᠷ ᠬᠢᠨᠠᠨ ᠲᠤᠭᠳᠠᠭᠠᠬᠤ ᠦᠶ᠎ᠡ ᠳᠤ᠂ ᠲᠤᠤᠷ᠎ᠠ ᠶᠠᠩᠰᠢᠪ ᠬᠤᠪᠢᠶᠠᠷᠢ ᠲᠠᠯᠠᠪᠠᠢ ᠳᠤ ᠨᠠᠷᠠᠨᠮᠠᠨᠳᠤᠯ᠎ᠠ ᠶᠢᠨ ᠵᠤᠬᠢᠶᠠᠭᠰᠠᠨ ᠠᠨᠳᠠᠢ ᠪᠦᠵᠢᠭ ᠨᠢ ᠲᠦᠪ᠂ ᠤᠷᠤᠨ᠂ ᠠᠶᠢᠮᠠᠭ ᠭᠤᠷᠪᠠᠨ ᠲᠡᠰ ᠤᠨ ᠬᠢᠨᠠᠨ ᠲᠤᠭᠳᠠᠭᠠᠭᠴᠢᠳ ᠤᠨ ᠦᠨᠳᠦᠷ ᠦᠨᠠᠯᠠᠯᠳᠠ ᠶᠢ ᠤᠯᠪᠠ᠃ 1998 ᠤᠨ ᠳᠤ ᠪᠤᠯᠤᠭᠰᠠᠨ ᠭᠦᠷᠢᠶ᠎ᠡ ᠬᠤᠰᠢᠭᠤᠨ ᠤ ᠠᠩᠬᠠᠳᠤᠭᠠᠷ ᠤᠳᠠᠭᠠᠨ ᠤ ᠠᠨᠳᠠᠢ ᠤᠷᠠᠯᠢᠭ ᠤᠨ ᠨᠠᠶᠢᠷ ᠲᠤ ᠨᠠᠷᠠᠠᠮᠠᠨᠳᠤᠯ᠎ᠠ ᠶᠢᠨ ᠤᠳᠤᠷᠢᠳᠤᠭᠰᠠᠨ ᠠᠨᠳᠠᠢ ᠪᠦᠵᠢᠭ ᠢ ᠲᠤᠤᠷ᠎ᠠ ᠶᠠᠩᠰᠢᠪ ᠤᠨ ᠠᠨᠳᠠᠢ ᠶᠢᠨ ᠪᠦᠯᠭᠦᠮ ᠲᠤᠭᠯᠠᠭᠠᠳ ᠦᠨᠳᠦᠷ ᠠᠮᠵᠢᠯᠳᠠ ᠤᠯᠪᠠ᠃ 1998 ᠤᠨ ᠳᠤ ᠪᠡᠬᠡᠵᠢᠭ ᠳᠤ ᠪᠤᠯᠤᠭᠰᠠᠨ ︽ ᠶᠢᠨ ᠴᠢᠶᠦᠦ ᠨᠡᠷᠡᠮᠵᠢᠳᠦ ᠲᠠᠷᠢᠶᠠᠴᠢᠨ ᠤ ᠦᠳᠡᠰᠢᠯᠡᠭᠡ︾ ᠳᠤ ᠨᠠᠷᠠᠠᠮᠠᠨᠳᠤᠯ᠎ᠠ᠂ ᠬᠠᠰᠪᠠᠭᠠᠨ᠎ᠠ ᠨᠠᠷ  ᠢᠶᠠᠷ ᠭᠤᠤᠯᠯᠠᠭᠰᠠᠨ ᠠᠨᠳᠠᠢ ᠶᠢᠨ ᠪᠦᠯᠭᠦᠮ ᠤᠨ ᠲᠤᠭᠯᠠᠯᠳᠠ ᠨᠢ ᠡᠯ᠎ᠡ ᠦᠨᠳᠦᠰᠦᠳᠠᠨ ᠤ ᠦᠵᠡᠭᠴᠢᠳ ᠤᠨ ᠰᠤᠨᠢᠷᠬᠠᠯ ᠢ ᠲᠠᠳᠠᠪᠠ᠃ 2008 ᠤᠨ ᠤ 2 ᠰᠠᠷ᠎ᠠ ᠶᠢᠨ 28 ᠤ ᠡᠳᠦᠷ ᠲᠡᠷᠡ ᠨᠠᠶᠢᠰᠯᠠᠯ ᠪᠡᠬᠡᠵᠢᠩ ᠤᠨ ᠠᠷᠠᠳ  ᠤᠨ ᠶᠡᠭᠡ ᠬᠤᠷᠠᠯ ᠤᠨ ᠲᠠᠩᠬᠢᠮ ᠳᠤ ᠰᠠᠭᠠᠳᠠᠵᠦ᠂ ︽ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ — ᠮᠤᠩᠭᠤᠯ ᠦᠨᠳᠦᠰᠦᠳᠠᠨ ᠤ ᠠᠨᠳᠠᠢ ᠪᠦᠵᠢᠭ ᠤᠨ ᠲᠦᠯᠦᠬᠡᠯᠡᠭᠴᠢ ᠴᠢᠨᠠᠷ ᠲᠠᠢ ᠤᠯᠠᠮᠵᠢᠯᠠᠨ ᠵᠠᠯᠭᠠᠮᠵᠢᠯᠠᠭᠴᠢ︾  ᠶᠢᠨ ᠠᠯᠳᠠᠷ ᠭᠦᠨᠳᠦ ᠶᠢ ᠤᠯᠤᠭᠰᠠᠨ ᠶᠤᠮ᠃
 
ᠢᠷᠡᠯᠲᠡ᠄ ᠭᠦᠷᠢᠶ᠎ᠡ ᠲᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号