ᠴᠠᠭᠠᠨ ᠰᠠᠷ᠎ᠠ ᠶᠢᠨ ᠠᠷᠪᠠᠨ ᠲᠠᠪᠤᠨ ᠤ  ᠳ᠋ᠧᠩᠯᠦ ᠶᠢᠨ ᠴᠤᠭᠯᠠᠭᠠᠨ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/2/6
   ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠥᠯᠵᠡᠶᠢᠲᠦ ᠡᠳᠦᠷ ᠤᠨ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠭᠠᠷᠠᠭ ᠤᠨ ᠰᠡᠭᠦᠯᠴᠢ ᠬᠦᠷᠢᠶ᠎ᠡ ᠪᠠᠷ ᠵᠣᠭᠠᠴᠠᠬᠤ︾ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠦᠨ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠲᠤ᠂ ᠬᠦᠷᠢᠶ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠬᠢᠭᠡᠳ ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠣᠮ ᠤᠨ ᠰᠠᠩ ᠠᠴᠠ ᠬᠠᠮᠵᠢᠨ ᠡᠷᠭᠢᠯᠡᠭᠰᠡᠨ ︽ᠭᠠᠷᠠᠭ ᠤᠨ ᠰᠡᠭᠦᠯᠴᠢ ᠬᠦᠷᠢᠶ᠎ᠡ ᠪᠠᠷ ᠵᠣᠭᠠᠴᠠᠬᠤ· ᠥᠯᠵᠡᠶᠢᠲᠦ ᠡᠳᠦᠷ ᠤᠨ ᠳ᠋ᠧᠩ ᠤᠨ ᠴᠤᠭᠯᠠᠭᠠᠨ ︾ ᠤ ᠠᠵᠢᠯᠯᠠᠭ᠎ᠠ ᠬᠦᠷᠢᠶ᠎ᠡ ᠬᠤᠰᠢᠭᠤᠨ ᠤ ᠭᠤᠷᠪᠠᠨ ᠶᠡᠭᠡ ᠰᠦᠮ᠎ᠡ ᠶᠢᠨ ᠠᠭᠤᠳᠠᠮ ᠲᠠᠯᠠᠪᠠᠶ᠂ ᠭᠤᠣᠯ ᠵᠡᠭᠡᠯᠢ ᠳᠤ ᠠᠮᠵᠢᠯᠲᠠ ᠲᠠᠢ ᠶᠠᠪᠤᠭᠳᠠᠪᠠ᠃
   ᠰᠥᠨᠢ ᠶᠢᠨ ᠬᠥᠰᠢᠭᠡ ᠪᠠᠭᠤᠵᠤ᠂ ᠥᠩᠭᠡᠲᠦ ᠳ᠋ᠧᠩ ᠭᠢᠯᠠᠯᠵᠠᠨ᠎ᠠ᠃ ᠬᠦᠷᠢᠶ᠎ᠡ ᠬᠤᠰᠢᠭᠤᠨ ᠤ ᠭᠤᠷᠪᠠᠨ ᠶᠡᠭᠡ ᠰᠦᠮ᠎ᠡ ᠶᠢᠨ ᠠᠭᠤᠳᠠᠮ ᠲᠠᠯᠠᠪᠠᠢ ᠳᠤ᠂ ᠵᠦᠢᠯ ᠪᠦᠷᠢ ᠶᠢᠨ ᠳ᠋ᠧᠩᠯᠦ ᠶᠢ ᠥᠨᠳᠥᠷ ᠲᠤ ᠡᠯᠭᠦᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠬᠥᠮᠦᠰ ᠴᠣᠭᠯᠠᠷᠠᠨ ᠳ᠋ᠧᠩ ᠰᠣᠨᠢᠷᠬᠠᠵᠤ᠂ ᠣᠨᠢᠰᠤᠭ᠎ᠠ ᠲᠠᠭᠠᠵᠤ ᠬᠦᠭᠵᠢᠯᠳᠦᠨ᠎ᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠣᠨᠢᠰᠤᠭ᠎ᠠ ᠳᠠᠭᠠᠬᠤ ᠠᠵᠢᠯᠯᠠᠭ᠎ᠠ ᠳᠤ ᠨᠡᠶᠢᠲᠡ 600 ᠵᠤᠷᠪᠤᠰ ᠣᠨᠢᠰᠤᠭ᠎ᠠ ᠵᠣᠬᠢᠶᠠᠵᠤ᠂ ᠬᠥᠮᠦᠨ ᠪᠦᠷᠢ 1 ᠣᠨᠢᠰᠤᠭ᠎ᠠ ᠶᠢᠨ ᠰᠦᠪᠡᠭᠴᠢ ᠠᠪᠴᠤ᠂ ᠳᠠᠷᠠᠭ᠎ᠠ ᠡᠳᠦᠷ ᠤᠨ ᠬᠢᠨᠢ ᠦᠳᠡ ᠶᠢᠨ ᠡᠮᠦᠨ᠎ᠡ ᠣᠨᠢᠰᠤᠭ᠎ᠠ ᠶᠢᠨ ᠰᠦᠪᠡᠭᠴᠢ ᠪᠠᠨ ᠠᠪᠴᠤ ᠬᠤᠰᠢᠭᠤᠨ ᠤ ᠨᠣᠮ ᠤᠨ ᠰᠠᠩ ᠳᠤ ᠬᠦᠷᠴᠦ ᠣᠨᠢᠰᠤᠭ᠎ᠠ ᠶᠢᠨ ᠲᠠᠶᠢᠯᠪᠤᠷᠢ ᠪᠠᠨ ᠬᠠᠷᠭᠤᠭᠤᠯᠤᠭᠠᠳ᠂ ᠵᠥᠪ ᠲᠠᠭᠠᠭᠰᠠᠳ ᠲᠤ ᠭᠤᠴᠣ ᠰᠠᠶᠢᠬᠠᠨ ᠱᠠᠩᠨᠠᠯ  ᠣᠯᠭᠤᠬᠤ ᠪᠣᠯᠤᠨ᠎ᠠ᠃
  ᠬᠦᠷᠢᠶ᠎ᠡ ᠪᠠᠯᠭᠠᠰᠤᠨ ᠤ ᠭᠤᠣᠯ ᠵᠡᠭᠡᠯᠢ ᠭᠤᠳᠤᠮᠵᠢ ᠶᠢᠨ ᠬᠤᠶᠠᠷ ᠬᠠᠵᠠᠭᠤ ᠳᠤ᠂ ᠡᠷᠲᠡᠨ ᠤ ᠰᠢᠯᠦᠭ ᠳᠠᠭᠤᠯᠠᠯ ᠢᠶᠠᠷ ᠠᠭᠤᠯᠭ᠎ᠠ ᠪᠣᠯᠭᠠᠭᠰᠠᠨ ᠡᠯᠭᠦᠮᠡᠯ ᠳ᠋ᠧᠩᠯᠦ ᠨᠢ ᠰᠤᠨᠤᠯᠵᠠᠭᠰᠠᠨ ᠵᠡᠭᠡᠯᠢ ᠶᠢ ᠴᠢᠮᠡᠭᠯᠡᠨ᠂  ᠥᠩᠭᠡ ᠶᠢᠨ ᠭᠡᠷᠡᠯ ᠭᠢᠯᠪᠠᠭ᠎ᠠ ᠰᠣᠯᠤᠩᠭᠠᠷᠠᠵᠤ᠂ ᠴᠡᠴᠡᠭ ᠤᠨ ᠳᠠᠯᠠᠢ ᠮᠡᠲᠦ᠂ ᠬᠥᠮᠦᠰ ᠪᠠᠶᠠᠯᠢᠭ ᠰᠠᠶᠢᠬᠠᠨ ᠬᠥᠳᠡᠯᠭᠡᠭᠡᠨ ᠳᠤ ᠣᠷᠤᠯᠴᠠᠨ ᠤᠯᠠᠮᠵᠢᠯᠠᠯᠲᠤ ᠰᠣᠶᠣᠯ ᠢ ᠠᠮᠲᠠᠷᠬᠠᠨ ᠰᠣᠨᠢᠷᠬᠠᠵᠤ᠂ ᠤᠯᠠᠮᠵᠢᠯᠠᠯᠲᠤ ᠪᠠᠶᠠᠷ ᠤᠨ ᠡᠳᠦᠷ ᠢᠶᠠᠨ ᠪᠡᠯᠭᠡᠯᠡᠨ᠎ᠡ
   ᠴᠡᠴᠡᠭᠲᠦ ᠳ᠋ᠧᠩᠯᠦ ᠰᠣᠨᠢᠷᠬᠠᠵᠤ ᠣᠨᠢᠰᠤᠭ᠎ᠠ ᠳᠠᠭᠠᠬᠤ ᠠᠴᠠ ᠭᠠᠳᠠᠨ᠎ᠠ᠂ ᠪᠠᠰᠠ ᠦᠯᠵᠡᠶᠢᠲᠦ ᠪᠣᠭᠤᠷᠰᠤᠭ᠂ ᠰᠢᠬᠢᠷᠲᠦ ᠬᠤᠯᠤ᠂ ᠦᠮᠡᠬᠡᠶ ᠳ᠋ᠧᠦᠹᠦ᠋᠂ ᠰᠢᠬᠢᠷᠲᠦ ᠲᠠᠤᠯᠠᠢ ᠶᠢᠨ ᠪᠥᠭᠡᠷ᠎ᠡ᠂ ᠬᠠᠲᠠᠭᠤ ᠵᠢᠮᠢᠰ ᠬᠠᠭᠤᠷᠠᠭᠰᠠᠨ ᠢᠳᠡᠭᠡᠨ ᠵᠡᠷᠭᠡ ᠡᠯ᠎ᠡ ᠵᠦᠢᠯ ᠤᠨ ᠠᠷᠠᠳ ᠤᠨ ᠵᠠᠩ ᠦᠢᠯᠡ ᠶᠢᠨ ᠰᠤᠯᠠ ᠢᠳᠡᠭᠡᠨ ᠨᠢ ᠬᠦᠮᠦᠰ ᠤᠨ ᠮᠠᠷᠲᠠᠭᠳᠠᠰᠢ ᠥᠬᠡᠶ ᠰᠢᠨ᠎ᠡ ᠵᠢᠯ ᠤᠨ ᠦᠨᠦᠷ ᠠᠮᠲᠠ ᠶᠢ ᠰᠡᠷᠭᠦᠭᠡᠭᠰᠡᠨ ᠪᠠᠶᠢᠨ᠎ᠠ᠃  
   ᠥᠩᠭᠡ ᠶᠢᠨ ᠳ᠋ᠧᠩᠯᠦ ᠢᠯᠭᠠᠷᠠᠨ ᠰᠣᠯᠣᠩᠭᠠᠷᠠᠵᠤ᠂ ᠲᠣᠩᠭᠠᠯᠠᠭ ᠰᠠᠷᠠᠨ ᠲᠥᠮᠡᠨ ᠢ ᠬᠡᠷᠡᠯᠲᠦᠭᠦᠯᠦᠨ᠎ᠡ᠃ ᠲᠤᠰ ᠤᠳᠠᠭᠠᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠨᠢ ᠤᠯᠠᠮᠵᠢᠯᠠᠯᠲᠤ ᠰᠣᠶᠣᠯ᠂ ᠪᠣᠯᠪᠠᠰᠤᠨ ᠬᠡᠪ ᠰᠤᠷᠲᠠᠯ ᠪᠣᠯᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠣᠷᠭᠠᠨᠢᠭ ᠢᠶᠠᠷ ᠠᠭᠤᠰᠤᠯᠴᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ  ᠮᠠᠨᠳᠤᠭᠤᠯᠵᠤ᠂ ᠬᠥᠮᠦᠰ ᠢ ᠥᠯᠵᠡᠶᠢᠲᠦ ᠡᠳᠦᠷ ᠢᠶᠠᠨ ᠵᠣᠯ ᠵᠢᠷᠭᠠᠯ ᠲᠠᠢ ᠥᠯᠵᠡᠶ ᠪᠡᠯᠭᠡ ᠲᠠᠢ ᠥᠩᠭᠡᠷᠡᠭᠦᠯᠦᠭᠰᠡᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号