ᠬᠦᠷᠢᠶ᠎ᠡ ᠬᠤᠰᠢᠭᠤᠨ ᠤ ᠮᠠᠩᠬᠠᠨ ᠰᠤᠮᠤ ᠶᠢᠨ ᠬᠠᠲᠠᠭᠤ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ | ᠰᠠᠶᠢᠨ᠋ᠥ᠌ᠯᠵᠡᠶ ᠶᠢᠨ ᠬᠢᠨ ᠰᠠᠶᠢᠨ ᠡᠭᠦᠯᠳᠡᠷ ᠤᠨ ᠦᠬᠡᠷ ᠦᠷᠡᠵᠢᠭᠦᠯᠦᠨ ᠪᠤᠶᠢᠵᠢᠭᠤᠯᠬᠤ ᠪᠠᠷ ᠳᠠᠮᠵᠢᠨ᠂ ᠲᠡᠵᠢᠭᠡᠨ | ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠫᠧᠩ ᠰᠠᠷᠠᠪᠴᠢ ᠶᠢ ᠪᠠᠶᠢᠭᠤᠯᠵᠤ᠂ ︽ ᠥᠭᠡᠳᠡᠲᠡᠢ︾ ᠠᠮᠢᠳᠤᠷᠠᠯ ᠢᠶᠠᠨ ᠡᠬᠢᠯᠡᠭᠦᠯᠵᠡᠢ᠃ | | | | | | | | ᠬᠠᠪᠤᠷ ᠤᠨ ᠬᠤᠶᠠᠳᠤᠭᠠᠷ ᠰᠠᠷ᠎ᠠ ᠳᠤ᠂ ᠰᠠᠶᠢᠨ᠋ᠦ᠌ᠯᠵᠡᠶ ᠶᠢᠨ ᠬᠢᠨ ᠳᠤ ᠬᠦᠷᠴᠦ ᠢᠷᠡᠬᠦ ᠳᠤ᠂ ᠲᠡᠷᠡ ᠶᠠᠭ | ᠰᠠᠶ᠋ᠢᠬᠠᠨ ᠲᠡᠵᠢᠭᠡᠪᠤᠷᠢ ᠶᠢᠨ ᠰᠠᠷᠠᠪᠴᠢᠨ ᠳᠠᠭᠠᠨ ᠦᠬᠡᠷ ᠢᠶᠠᠨ ᠲᠡᠵᠢᠭᠡᠨ ᠡᠪᠡᠰᠦ ᠪᠣᠷᠳᠤᠭ᠎ᠠ ᠨᠡᠮᠡᠵᠦ ᠶᠠᠭᠠᠷᠠᠨ᠂ | ᠦᠰᠦ ᠨᠤᠤᠰᠤ ᠨᠢ ᠭᠢᠯᠲᠠᠭᠠᠨᠠᠭᠰᠠᠨ ᠲᠠᠷᠭᠤ ᠬᠦᠴᠦ ᠰᠠᠶᠢᠲᠠᠶ ᠰᠢᠷ᠎ᠠ ᠦᠬᠡᠷ ᠤᠳ ᠲᠠᠪᠠᠲᠠᠶᠢᠬᠠᠨ ᠢᠳᠡᠰᠢᠯᠡᠵᠦ | ᠪᠠᠶᠢᠯ᠎ᠠ᠃ | | | | | ᠮᠠᠩᠬᠠᠨ ᠰᠤᠮᠤᠨ ᠤ ᠬᠠᠲᠠᠭᠤ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ᠂ ᠰᠠᠶᠢᠨ᠋ᠦ᠌ᠯᠵᠡᠶ᠄ | ︽ᠤᠤᠯ ᠨᠢ ᠪᠢ ᠪᠦᠷ ᠲᠣᠰ ᠭᠠᠵᠠᠷ ᠣᠷᠤᠨ ᠤ ᠰᠢᠷ᠎ᠠ ᠦᠬᠡᠷ ᠢ ᠲᠡᠵᠢᠭᠡᠵᠦ ᠪᠠᠶᠢᠵᠠᠶ᠂ ᠡᠶᠢᠮᠦᠷᠬᠦ ᠰᠢᠷ᠎ᠠ | ᠦᠬᠡᠷ ᠤᠨ ᠪᠡᠶ᠎ᠡ ᠨᠢ ᠪᠠᠭ᠎ᠠ᠂ ᠦᠨ᠎ᠡ ᠬᠠᠩᠰᠢ ᠨᠢ ᠪᠠᠰᠠ ᠳᠤᠤᠷ᠎ᠠ᠂ ᠦᠬᠡᠷ ᠤᠨ ᠲᠠᠷᠭᠤ ᠬᠦᠴᠦ ᠪᠠ ᠦᠷ᠎ᠡ | ᠠᠰᠢᠭ ᠨᠢ ᠶᠡᠷᠦ ᠨᠢ ᠳᠡᠭᠡᠭᠰᠢᠯᠡᠵᠦ ᠳᠡᠶᠢᠯᠬᠦ ᠥᠬᠡᠶ᠃ ᠬᠥᠮᠦᠨ ᠤ ᠬᠦᠴᠦ ᠪᠠᠷ ᠦᠷ᠎ᠡ ᠲᠣᠭᠲᠠᠭᠠᠬᠤ ᠮᠡᠷᠭᠡᠵᠢᠯ ᠢᠶᠠᠷ | ᠳᠡᠮᠵᠢᠨ ᠠᠯᠬᠤᠮ ᠠᠯᠬᠤᠮ ᠢᠶᠠᠷ ᠰᠠᠶᠢᠵᠢᠷᠠᠭᠤᠯᠤᠭᠠᠳ ᠣᠲᠣ ᠪᠦᠷ ᠰᠢᠮᠧᠨ᠋ᠲ᠋ᠠᠷ ᠦᠬᠡᠷ ᠤᠨ ᠳᠥᠷᠪᠡ ᠲᠠᠪᠤᠨ ᠦᠶ᠎ᠡ | ᠪᠣᠯᠵᠠᠶ︾ ᠭᠡᠵᠦ ᠲᠠᠨᠢᠯᠴᠠᠭᠤᠯᠵᠠᠢ᠃ | | | | | ᠬᠤᠷᠢᠨ ᠬᠡᠳᠦᠨ ᠵᠢᠯ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠰᠢᠮᠳᠠᠨ ᠰᠣᠳᠤᠯᠤᠨ ᠰᠤᠷᠤᠯᠴᠠᠬᠤ ᠪᠠᠷ | ᠳᠠᠮᠵᠢᠨ᠂ ᠰᠠᠶᠢᠨ᠋ᠦ᠌ᠯᠵᠡᠶ ᠨᠢᠭᠡᠨᠲᠡ ᠦᠬᠡᠷ ᠢᠶᠠᠨ ᠪᠦᠬᠦᠨ ᠢ ᠰᠢᠮᠧᠨ᠋ᠲ᠋ᠠᠷ ᠦᠬᠡᠷ ᠪᠣᠯᠭᠠᠨ ᠥᠭᠡᠷᠡᠴᠢᠯᠡᠵᠦ᠂ ᠬᠠᠮᠤᠭ | ᠠᠷᠪᠢᠨ ᠳᠠᠭᠠᠨ 80 ᠭᠠᠷᠤᠶ ᠲᠣᠯᠤᠭᠠᠢ ᠳᠤ ᠬᠦᠷᠴᠦ᠂ ᠰᠠᠶᠢᠵᠢᠷᠠᠭᠤᠯᠤᠭᠰᠠᠨ ᠤ ᠳᠠᠷᠠᠭᠠᠬᠢ ᠦᠬᠡᠷ ᠤᠨ ᠥᠰᠥᠯᠲᠡ | ᠲᠦᠷᠭᠡᠨ᠂ ᠵᠠᠬ᠎ᠠ ᠳᠡᠯᠭᠡᠭᠦᠷ ᠤᠨ ᠮᠡᠳᠡᠷᠡᠮᠵᠢ ᠥᠨᠳᠥᠷ᠂ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠷ ᠰᠠᠶᠢᠨ᠂ | ᠨᠢᠭᠡ ᠦᠬᠡᠷ ᠬᠠᠮᠤᠭ ᠦᠨᠳᠦᠷ ᠲᠡᠭᠡᠨ 8 ᠲᠦᠮᠡᠨ ᠲᠥᠭᠦᠷᠢᠭ ᠬᠤᠳᠠᠯᠳᠤᠵᠤ᠂ ᠣᠷᠣᠯᠭ᠎ᠠ ᠨᠢ ᠪᠠᠰᠠ ᠬᠡᠳᠦᠨ | ᠳᠠᠬᠢᠨ ᠨᠡᠮᠡᠭᠳᠡᠪᠡ᠃ ︽ᠲᠤᠰ ᠭᠠᠵᠠᠷ ᠣᠷᠤᠨ ᠤ ᠦᠬᠡᠷ ᠪᠠ ᠰᠢᠮᠧᠨ᠋ᠲ᠋ᠠᠷ ᠦᠬᠡᠷ ᠤᠨ ᠦᠨ᠎ᠡ ᠨᠢ ᠨᠡᠯᠢᠶᠡᠳ | ᠵᠥᠷᠢᠵᠦ ᠪᠠᠶᠢᠨ᠎ᠠ᠂ ᠰᠢᠮᠧᠨ᠋ᠲ᠋ᠠᠷ ᠳᠥᠷᠪᠡ ᠲᠠᠪᠤᠨ ᠦᠶ᠎ᠡ ᠶᠢᠨ ᠦᠬᠡᠷ ᠤᠨ ᠦᠨ᠎ᠡ ᠨᠢ ᠲᠤᠰ ᠭᠠᠵᠠᠷ ᠣᠷᠤᠨ ᠤ | ᠦᠬᠡᠷ ᠤᠨ ᠦᠨ᠎ᠡ ᠠᠴᠠ ᠲᠠᠪᠤ ᠵᠢᠷᠭᠤᠭᠠᠨ ᠳᠠᠬᠢᠨ ᠢᠯᠡᠭᠦᠦ ᠪᠠᠶᠢᠳᠠᠭ᠃ ᠨᠢᠳᠤᠨᠤᠨ ᠦᠬᠡᠷ ᠤᠨ ᠦᠨ᠎ᠡ ᠬᠠᠩᠰᠢ | ᠮᠠᠭᠤ ᠪᠠᠶᠢᠳᠠᠯ ᠳᠤᠤᠷ᠎ᠠ᠂ ᠪᠠᠰᠠ 30 ᠭᠠᠷᠤᠶ ᠲᠥᠮᠡᠨ ᠲᠥᠭᠦᠷᠢᠭ ᠣᠯᠵᠠᠶ᠃︾ ᠭᠡᠵᠦ ᠰᠠᠶᠢᠨ᠋ᠦ᠌ᠯᠵᠡᠶ | ᠰᠤᠷᠪᠤᠯᠵᠢᠯᠠᠭᠴᠢ ᠳᠤ ᠲᠠᠨᠢᠯᠴᠠᠭᠤᠯᠤᠭᠰᠠᠨ ᠪᠠᠶᠢᠨ᠎ᠠ᠃ | | | | | | ᠲᠤᠰ ᠭᠠᠴᠠᠭᠠᠨ ᠤ ᠠᠷᠠᠳ ᠴᠠᠩ ᠮᠢᠩ᠂ ᠰᠠᠶᠢᠨ᠋ᠥ᠌ᠯᠵᠡᠶ ᠶᠢᠨ ᠦᠬᠡᠷ ᠤᠨ ᠡᠭᠦᠯᠳᠡᠷ ᠰᠠᠶᠢᠵᠢᠷᠠᠭᠤᠯᠵᠤ | ᠣᠷᠣᠯᠭ᠎ᠠ ᠪᠠᠨ ᠨᠡᠮᠡᠭᠳᠡᠭᠦᠯᠦᠭᠰᠡᠨ ᠢ ᠦᠵᠡᠭᠡᠳ ᠲᠡᠷᠡ ᠪᠠᠰᠠ ᠰᠠᠶᠢᠨ᠋ᠦ᠌ᠯᠵᠡᠶ ᠶᠢᠨ ᠳᠤ ᠢᠷᠡᠵᠦ ᠦᠬᠡᠷ ᠤᠨ ᠡᠭᠦᠯᠳᠡᠷ | ᠰᠠᠶᠢᠵᠢᠷᠠᠭᠤᠯᠬᠤ ᠮᠡᠷᠭᠡᠵᠢᠯ ᠢ ᠰᠤᠷᠤᠯᠴᠠᠬᠤ ᠪᠠᠷ ᠲᠣᠭᠲᠠᠪᠠ᠃ ᠣᠳᠣᠬᠠᠨ ᠳᠤ ᠴᠠᠩ ᠮᠢᠩ ᠤᠨ ᠲᠡᠵᠢᠭᠡᠭᠰᠡᠨ 60 | ᠭᠠᠷᠤᠶ ᠲᠣᠯᠤᠭᠠᠢ ᠦᠬᠡᠷ ᠨᠢ ᠪᠦᠷ ᠰᠠᠶᠢᠵᠢᠷᠠᠭᠤᠯᠤᠭᠰᠠᠨ ᠰᠢᠯᠢᠳᠡᠭ ᠡᠭᠦᠯᠳᠡᠷ ᠪᠠᠶᠢᠵᠤ᠂ ᠪᠥᠬᠦ ᠵᠢᠯ ᠤᠨ ᠲᠡᠵᠢᠭᠡᠨ | ᠦᠷᠡᠵᠢᠭᠦᠯᠦᠭᠰᠡᠨ ᠴᠡᠪᠡᠷ ᠣᠷᠣᠯᠭ᠎ᠠ ᠨᠢ 20 ᠲᠦᠮᠡᠨ ᠲᠥᠭᠦᠷᠢᠭ ᠢ ᠳᠠᠪᠠᠵᠠᠶ᠃ | | | | | ᠮᠠᠩᠬᠠᠨ ᠰᠤᠮᠤ ᠶᠢᠨ ᠬᠠᠲᠠᠭᠤ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ᠂ ᠴᠠᠩ ᠮᠢᠩ᠄ | ︽ᠪᠢ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠰᠣᠷᠣᠭᠠᠳ ᠳᠣᠯᠤᠭ᠎ᠠ ᠨᠠᠢᠮᠠᠨ ᠵᠢᠯ ᠪᠣᠯᠵᠤ ᠪᠠᠶᠢᠨ᠎ᠠ᠂ ᠣᠳᠣ | ᠥᠪᠡᠷ ᠢᠶᠠᠨ ᠬᠢᠵᠦ ᠳᠡᠶᠢᠯᠬᠦ ᠪᠣᠯᠤᠭᠰᠠᠨ᠂ ᠮᠡᠳᠡᠬᠦ ᠦᠭᠡᠶ ᠵᠦᠢᠯ ᠢᠶᠠᠨ ᠰᠠᠶᠢᠨ᠋ᠥ᠌ᠯᠵᠡᠶ ᠠᠬ᠎ᠠ ᠠᠴᠠ ᠠᠰᠠᠭᠤᠵᠤ | ᠵᠢᠯᠤᠭᠤᠳᠤᠭᠤᠯᠳᠠᠭ᠃ ᠤᠳᠤ ᠦᠬᠡᠷ ᠤᠨ ᠦᠨ᠎ᠡ ᠬᠠᠩᠰᠢ ᠪᠠᠰᠠ ᠪᠣᠯᠴᠢᠬᠠᠨ᠎ᠠ᠂ ᠡᠭᠦᠯᠳᠡᠷ ᠰᠠᠶᠢᠨ ᠨᠢ 4 ᠲᠦᠮᠡ | ᠢᠯᠡᠭᠦᠦ ᠲᠥᠭᠦᠷᠢᠭ ᠬᠤᠳᠠᠯᠳᠤᠵᠤ᠂ ᠤᠤᠯ ᠠᠴᠠ ᠪᠠᠨ ᠨᠡᠯᠢᠶᠡᠳ ᠰᠠᠶᠢᠨ ᠪᠣᠯᠤᠭᠰᠠᠨ︾ ᠭᠡᠵᠦ ᠴᠠᠩ ᠮᠢᠩ | ᠲᠠᠨᠢᠯᠴᠠᠭᠤᠯᠵᠠᠢ᠃ | | | | | ᠰᠢᠷ᠎ᠠ ᠦᠬᠡᠷ ᠤᠨ ᠡᠭᠦᠯᠳᠡᠷ ᠰᠠᠶᠢᠵᠢᠷᠠᠭᠤᠯᠬᠤ ᠠᠮᠲᠠ ᠶᠢ ᠠᠮᠲᠠᠯᠠᠭᠰᠠᠨ ᠤ ᠳᠠᠷᠠᠭ᠎ᠠ᠂ ᠰᠠᠶᠢᠨ᠋ᠥ᠌ᠯᠵᠡᠶ | ᠣᠲᠣ ᠶᠢᠨ ᠪᠠᠶᠢᠳᠠᠯ ᠳᠠᠭᠠᠨ ᠰᠡᠳᠬᠢᠯ ᠬᠠᠨᠤᠭᠰᠠᠨ ᠥᠬᠡᠶ᠂ ᠬᠠᠷᠢᠨ ᠭᠠᠴᠠᠭ᠎ᠠ ᠲᠣᠰᠬᠤᠨ ᠤ ᠬᠦᠮᠦᠰ ᠲᠤ | ᠦᠬᠡᠷ ᠤᠨ ᠡᠭᠦᠯᠳᠡᠷ ᠢᠶᠠᠨ ᠰᠠᠶᠢᠵᠢᠷᠠᠭᠤᠯᠬᠤ ᠶᠢ ᠵᠣᠷᠢᠭᠵᠢᠭᠤᠯᠬᠤ ᠶᠢᠨ ᠬᠠᠮᠲᠤ ᠲᠡᠵᠢᠭᠡᠨ ᠦᠷᠡᠵᠢᠭᠦᠯᠬᠦ | ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠡᠵᠢᠭᠡᠨ ᠦᠷᠡᠵᠢᠭᠦᠯᠬᠦ ᠬᠡᠪᠴᠢᠶᠡᠵᠢᠯ ᠤᠨ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ᠢᠷᠡᠭᠡᠳᠦᠢ ᠶᠢᠨ ᠬᠥᠭᠵᠢᠯᠲᠡ ᠲᠥᠯᠦᠪᠯᠡᠭᠡ ᠪᠠᠨ | ᠶᠠᠷᠢᠬᠤ ᠳᠤ᠂ ᠰᠠᠶᠢᠨ᠋ᠦ᠌ᠯᠵᠡᠶ᠄ ︽ᠪᠢ ᠣᠳᠣ ᠬᠤᠶᠠᠷ ᠬᠠᠰᠢᠶ᠎ᠠ ᠰᠠᠷᠠᠪᠴᠢ ᠲᠠᠢ᠂ ᠨᠡᠶᠢᠲᠡ 1000 ᠭᠠᠷᠤᠶ ᠲᠡᠭᠰᠢ | ᠳᠥᠷᠪᠡᠯᠵᠢᠨ ᠮᠧᠲᠷ ᠭᠠᠵᠠᠷ ᠡᠵᠡᠯᠡᠵᠦ᠂ 40 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠪᠠ᠃ ᠵᠢᠯ ᠤᠨ | ᠡᠮᠦᠨ᠎ᠡ ᠪᠠᠰᠠ ᠮᠦᠬᠦᠯᠢᠭᠵᠢᠭᠦᠯᠬᠦ ᠮᠠᠰᠢᠨ ᠬᠤᠳᠠᠯᠳᠤᠨ ᠠᠪᠴᠠᠶ᠂ ᠤᠴᠢᠷ ᠨᠢ ᠣᠳᠣ ᠲᠡᠵᠢᠭᠡᠯ ᠪᠣᠷᠳᠣᠭᠠᠨ ᠤ | ᠦᠨ᠎ᠡ ᠥᠨᠳᠥᠷ᠂ ᠡᠨᠡ ᠵᠢᠯ ᠠᠴᠠ ᠡᠬᠢᠯᠡᠨ ᠥᠪᠡᠷ ᠢᠶᠠᠷ ᠪᠣᠷᠳᠤᠭ᠎ᠠ ᠨᠠᠶᠢᠷᠠᠭᠤᠯᠵᠤ᠂ ᠪᠠᠭ᠎ᠠ ᠪᠤᠰᠤ ᠥᠪᠡᠷ ᠤᠨ | ᠥᠷᠲᠡᠭ ᠢ ᠠᠷᠪᠢᠯᠠᠭᠰᠠᠨ ᠪᠠᠶᠢᠨ᠎ᠠ᠃ ᠳᠠᠷᠠᠭᠠᠴᠢ ᠪᠠᠷ ᠪᠠᠰᠠ 500 ᠭᠠᠷᠤᠶ ᠲᠡᠭᠰᠢ ᠳᠥᠷᠪᠡᠯᠵᠢᠨ ᠮᠧᠲᠷ ᠤᠨ | ᠬᠠᠰᠢᠶ᠎ᠠ ᠰᠠᠷᠠᠪᠴᠢ ᠪᠠᠷᠢᠵᠤ᠂ ᠬᠥᠮᠦᠨ ᠤ ᠬᠦᠴᠦ ᠪᠠᠷ ᠦᠷ᠎ᠡ ᠲᠣᠭᠲᠠᠭᠠᠬᠤ ᠮᠡᠷᠭᠡᠵᠢᠯ ᠢ ᠪᠤᠰᠤᠳ ᠮᠠᠯᠴᠢᠨ | ᠲᠠᠷᠢᠶᠠᠴᠢᠨ ᠳᠤ ᠵᠢᠭᠠᠵᠤ᠂ ᠣᠯᠠᠨ ᠢᠶᠠᠷ ᠢᠶᠠᠨ ᠬᠠᠮᠲᠤ ᠪᠠᠷ ᠪᠠᠶᠠᠵᠢᠬᠤ ᠪᠠᠷ ᠲᠥᠯᠥᠪᠯᠡᠵᠦ ᠪᠠᠶᠢᠨ᠎ᠠ︾ ᠬᠡᠮᠡᠨ ᠢᠲᠡᠭᠡᠯ | ᠲᠥᠭᠦᠷᠡᠩ ᠶᠠᠷᠢᠵᠤ ᠪᠠᠶᠢᠯ᠎ᠠ᠃ |