ᠬᠦᠷᠢᠶ᠎ᠡ ᠬᠤᠰᠢᠭᠤᠨ ᠤ ︽ᠠᠵᠤ ᠠᠬᠤᠶᠢᠯᠠᠯ ᠳᠤ ᠠᠰᠢᠭᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠤᠨ ᠡᠳᠦᠷ ᠤᠨ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/3/11
    ᠬᠦᠷᠢᠶ᠎ᠡ ᠵᠠᠰᠠᠭ ᠠᠯᠪᠠᠨ ᠨᠠᠷᠢᠨ ᠪᠢᠴᠢᠭ ︹2020︺ 44 ᠳ᠋ᠤᠭᠡᠷ ᠲᠣᠭᠠᠲᠤ        ᠬᠦᠷᠢᠶ᠎ᠡ ᠬᠤᠰᠢᠭᠤᠨ ᠤ ︽ᠠᠵᠤ ᠠᠬᠤᠶᠢᠯᠠᠯ ᠳᠤ ᠠᠰᠢᠭᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠤᠨ ᠡᠳᠦᠷ ᠤᠨ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯᠡᠯ᠎ᠡ ᠰᠢᠶᠠᠩ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ︽ᠬᠦᠷᠢᠶ᠎ᠡ ᠬᠤᠰᠢᠭᠤᠨ ᠤ ︿ᠠᠵᠤ ᠠᠬᠤᠶᠢᠯᠠᠯ ᠳᠤ ᠠᠰᠢᠭᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠵᠠᠭᠤᠨ ᠡᠳᠦᠷ ᠤᠨ ᠠᠵᠢᠯᠯᠠᠭ᠎ᠠ ᠶᠢᠨ ᠲᠥᠰᠦᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                                                                                2023 ᠣᠨ ᠤ 3 ᠰᠠᠷ᠎ᠠ ᠶᠢᠨ 10 ᠤ ᠡᠳᠦᠷ     ︵ᠲᠤᠰ ᠵᠦᠢᠯ ᠢ ᠢᠯᠡ ᠪᠠᠷ ᠨᠡᠶᠢᠲᠡᠯᠡᠨ᠎ᠡ︶   ᠬᠦᠷᠢᠶ᠎ᠡ ᠬᠤᠰᠢᠭᠤᠨ ᠤ ︽ᠠᠵᠤ ᠠᠬᠤᠶᠢᠯᠠᠯ ᠳᠤ ᠠᠰᠢᠭᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠤᠨ ᠡᠳᠦᠷ ᠤᠨ ᠠᠵᠢᠯᠯᠠᠭ᠎ᠠ ᠶᠢᠨ ᠲᠦᠰᠦᠯ    ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠪᠠᠴᠢᠮ ᠪᠡᠷᠬᠡ ᠵᠣᠪᠠᠨᠢᠯ ᠬᠦᠰᠡᠯ︾ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ 2023 ᠣᠨ ᠤ 3 ᠰᠠᠷ᠎ᠠ ᠶᠢᠨ 2 ᠤᠨ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠠᠵᠤ ᠠᠬᠤᠶᠢᠯᠠᠯ ᠳᠤ ᠠᠰᠢᠭᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠳᠣᠤᠷᠠᠬᠢ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠲᠠᠭᠤᠳᠠᠯ ᠠᠯᠳᠠᠭ᠎ᠠ ᠶᠢ ᠨᠥᠬᠦᠪᠥᠷᠢᠯᠡᠵᠦ᠂ ᠲᠦᠷᠢᠮ ᠤᠨ ᠪᠠᠶᠢᠭᠤᠯᠤᠯᠲᠠ ᠪᠠ ᠵᠢᠷᠤᠮᠵᠢᠯ ᠢᠶᠠᠷ ᠰᠠᠭᠤᠷᠢ ᠪᠣᠯᠭᠠᠨ᠂ ᠣᠶᠢᠯᠠᠭᠠᠭᠳᠠᠬᠤᠨ ᠢ ᠬᠤᠪᠢᠷᠠᠭᠤᠯᠬᠤ᠂ ᠲᠣᠭᠲᠠᠴᠠ ᠶᠢᠨ ᠬᠤᠪᠢᠰᠤᠯᠲᠠ᠂ ᠶᠠᠪᠤᠴᠠ ᠶᠢ ᠳᠠᠬᠢᠨ ᠪᠦᠲᠦᠭᠡᠬᠦ᠂ ᠭᠤᠭᠴᠤᠭ᠎ᠠ ᠶᠢ ᠴᠣᠮᠬᠠᠳᠬᠠᠬᠤ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ᠂  ᠪᠤᠰᠢᠭᠤ ᠱᠠᠯᠠᠮᠠᠭᠠᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠤᠨ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠢᠨ᠎ᠡ ᠬᠡᠯᠪᠡᠷᠢ ᠶᠢᠨ ᠳᠣᠲᠣᠨᠣ ᠴᠢᠬᠡᠴᠢ ᠬᠠᠷᠢᠴᠠᠭ᠎ᠠ ᠶᠢ ᠬᠦᠴᠦᠯᠡᠨ ᠪᠠᠶᠢᠭᠤᠯᠵᠦ᠂ ᠠᠵᠤ ᠠᠬᠤᠶᠢᠯᠠᠯ ᠤᠨ ᠨᠢᠭᠡ ᠰᠡᠳᠬᠢᠯ ᠢᠶᠠᠷ ᠠᠳᠠᠯ ᠦᠢᠯᠡᠰ ᠴᠣᠭᠴᠠᠯᠠᠬᠤ᠂ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ ᠬᠥᠭᠵᠢᠬᠦ ᠶᠢ ᠬᠦᠴᠦᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠬᠤᠶᠠᠷ᠂ ᠠᠵᠢᠯ ᠤᠨ ᠬᠠᠷᠠᠯᠲᠠ    ᠤᠯᠠᠨ ᠠᠷᠭ᠎ᠠ ᠵᠠᠮ ᠢᠶᠠᠷ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠶᠢ ᠥᠷᠭᠡᠨ ᠢᠶᠠᠷ ᠴᠤᠭᠯᠠᠭᠤᠯᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠳᠤ ᠣᠷᠣᠯᠴᠠᠭᠤᠯᠵᠤ᠂ ᠵᠠᠰᠠᠭ ᠤᠨ ᠶᠠᠪᠤᠳᠠᠯ ᠤᠨ ᠠᠵᠢᠯ ᠳᠤ ᠰᠠᠨᠠᠯ ᠪᠠ ᠰᠠᠨᠠᠭᠤᠯᠭ᠎ᠠ ᠶᠢ ᠳᠤᠷᠠᠳᠴᠤ᠂ ᠨᠢᠭᠡ ᠪᠦᠯᠦᠭ ᠠᠵᠢᠯ ᠤᠨ ᠳᠤᠲᠠᠭᠤᠳᠠᠯ ᠢ ᠬᠦᠴᠦᠯᠡᠨ ᠪᠠᠶᠢᠴᠠᠭᠠᠵᠤ᠂ ᠨᠢᠭᠡ ᠪᠦᠯᠦᠭ ᠦᠢᠯᠡᠴᠢᠯᠡᠭᠡᠨ ᠤ ᠲᠦᠭᠵᠢᠷᠡᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠪᠦᠯᠦᠭ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠨᠢᠭᠡ ᠪᠦᠯᠦᠭ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠤᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠭᠤᠷᠪᠠ᠂ ᠠᠵᠢᠯ ᠤᠨ ᠡᠭᠦᠷᠭᠡ    ︵ᠨᠢᠭᠡ︶ ᠠᠰᠠᠭᠤᠳᠠᠯ ᠤᠨ ᠰᠦᠪᠡᠭᠴᠢ ᠴᠤᠭᠯᠠᠭᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠤ ᠠᠵᠢᠯᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠳᠠᠯ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ︽ᠰᠦᠪᠡᠭᠴᠢ ᠶᠢ ᠴᠤᠭᠯᠠᠭᠤᠯᠬᠤ᠂ ᠠᠰᠠᠭᠤᠳᠠᠯ ᠢ ᠰᠢᠢᠳᠪᠦᠷᠢᠯᠡᠬᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠰᠢᠯᠢᠳᠡᠭᠵᠢᠭᠦᠯᠬᠦ︾ ᠠᠵᠢᠯ ᠤᠨ ᠵᠠᠷᠴᠢᠮ ᠶᠣᠰᠣᠭᠠᠷ᠂ ᠨᠡᠶᠢᠭᠡᠮ ᠳᠤ ᠬᠠᠨᠳᠤᠭᠤᠯᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ ᠶᠠᠪᠤᠴᠠ ᠳᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠬᠡᠷᠡᠭᠵᠢᠭᠦᠯᠦᠯᠲᠡ ᠨᠢ ᠬᠦᠴᠦᠨ ᠥᠬᠡᠶ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠨᠢ ᠲᠦᠢᠯᠪᠤᠷᠢᠲᠠᠶ ᠪᠢᠰᠢ᠂ ᠲᠠᠯᠪᠢᠬᠤ ᠬᠠᠮᠢᠶᠠᠷᠬᠤ ᠶᠢ ᠤᠶᠠᠯᠳᠤᠭᠤᠯᠤᠭᠰᠠᠨ ᠨᠢ ᠰᠢᠨᠵᠢᠯᠡᠬᠦ ᠤᠬᠠᠭᠠᠨᠴᠢ ᠪᠢᠰᠢ᠂ ᠦᠢᠯᠡᠴᠢᠯᠡᠭᠡ ᠪᠠᠨ ᠰᠢᠯᠢᠳᠡᠭᠵᠢᠭᠦᠯᠦᠭᠰᠡᠨ ᠨᠢ ᠠᠮᠵᠢᠯᠲᠠ ᠥᠬᠡᠶ ᠵᠡᠷᠭᠡ ᠠᠴᠠ ᠪᠣᠯᠵᠣ ᠠᠵᠤ ᠠᠬᠤᠶᠢᠯᠠᠯ ᠪᠠ ᠣᠯᠠᠨ ᠲᠦᠮᠡᠨ ᠤ ᠭᠤᠶᠤᠴᠢᠯᠠᠭᠰᠠᠨ ᠲᠥᠷᠥᠯ ᠤᠨ ᠵᠦᠢᠯᠡᠰ ᠢ ︽ᠣᠯᠠᠨ ᠲᠠᠯ᠎ᠠ ᠪᠠᠷ ᠭᠦᠶᠦᠯᠭᠡᠵᠦ᠂ ᠣᠯᠠᠨ ᠤᠳᠠᠭ᠎ᠠ ᠭᠦᠶᠦᠯᠭᠡᠵᠦ︾᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠷᠢᠯᠴᠠᠨ ᠲᠦᠯᠬᠢᠯᠴᠡᠭᠰᠡᠨ᠂ ︽ᠡᠭᠦᠳᠡ ᠣᠷᠤᠬᠤ ᠳᠤ ᠳᠥᠭᠦᠮ᠂ ᠣᠪᠤᠷ ᠨᠢ ᠰᠠᠶᠢᠨ᠂ ᠤᠴᠢᠷ ᠶᠠᠪᠤᠳᠠᠯ ᠬᠦᠢᠴᠡᠳᠭᠡᠭᠦ ᠳᠤ ᠬᠦᠴᠢᠷ︾ ᠪᠠᠶᠢᠬᠤ ᠬᠡᠯᠪᠡᠷᠢ ᠶᠢ ᠥᠭᠡᠷᠡᠲᠦᠭᠦᠯᠦᠨ ︽ᠢᠳᠡᠬᠦ ᠠᠪᠬᠤ ᠭᠠᠴᠢᠬᠤ︾ ︽ᠰᠢᠯᠲᠠᠭᠯᠠᠬᠤ ᠬᠤᠶᠢᠰᠢᠯᠠᠭᠤᠯᠬᠤ ᠤᠳᠠᠭᠠᠰᠢᠷᠠᠭᠤᠯᠬᠤ︾ ᠵᠡᠷᠭᠡ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠠᠪᠤᠴᠠ ᠳᠤ᠂ ︽ᠨᠢᠭᠡ ᠯᠡ ᠤᠳᠠᠭ᠎ᠠ ᠳᠤ ᠮᠡᠳᠡᠭᠳᠡᠬᠦ︾  ᠨᠢ ᠬᠦᠷᠦᠯᠴᠡᠬᠦ ᠥᠬᠡᠶ᠂ ᠦᠢᠯᠡᠴᠢᠯᠡᠭᠡᠨ ᠤ ᠠᠵᠢᠯᠲᠠᠨ ᠤ ᠬᠡᠪ ᠴᠢᠨᠠᠷ ᠬᠦᠷᠦᠯᠴᠡᠬᠦ ᠥᠬᠡᠶ᠂ ᠴᠢᠳᠠᠪᠤᠷᠢ ᠴᠢᠩᠭ᠎ᠠ ᠪᠤᠰᠤ᠂ ᠬᠠᠷᠢᠭᠤᠴᠠᠯᠭ᠎ᠠ ᠡᠭᠦᠷᠭᠡᠯᠡᠬᠦ ᠥᠬᠡᠶ ᠠᠵᠢᠯ ᠬᠢᠬᠦ ᠥᠬᠡᠶ ᠵᠡᠷᠭᠡ ᠠᠴᠠ ᠪᠣᠯᠵᠣ ᠠᠵᠤ ᠠᠬᠤᠶᠢᠯᠠᠯ ᠪᠠ ᠣᠯᠠᠨ ᠲᠦᠮᠡᠨ ᠤ ︽ᠣᠯᠠᠨ ᠲᠠᠯ᠎ᠠ ᠪᠠᠷ ᠭᠦᠶᠦᠯᠭᠡᠬᠦ᠂ ᠣᠯᠠᠨ ᠤᠳᠠᠭ᠎ᠠ ᠭᠦᠶᠦᠯᠭᠡᠬᠦ︾ ᠵᠡᠷᠭᠡ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ᠃    ︵ᠬᠤᠶᠠᠷ︶ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠲᠤᠰᠬᠠᠯ᠂ ᠵᠠᠭᠠᠯᠳᠤᠯᠭ᠎ᠠ ᠪᠣᠯᠤᠨ ᠲᠤᠰᠠᠯᠠᠮᠵᠢ ᠭᠤᠶᠤᠴᠢᠯᠠᠬᠤ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠢ  ᠳᠤᠨᠢ ᠠᠵᠢᠯ  ᠤᠨ ᠡᠬᠡ ᠲᠠᠩᠰᠠ  ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠨᠢᠭᠡᠴᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠷᠠᠳ ᠤᠯᠠᠨ ᠤ ᠦᠨᠡᠨ ᠬᠦ ᠰᠡᠳᠬᠢᠯ ᠬᠠᠨᠤᠮᠵᠢᠲᠠᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ᠂ ᠣᠳᠣᠬᠠᠨ ᠤ ᠪᠠ ᠠᠯᠤᠰ ᠬᠡᠲᠦ ᠶᠢ ᠪᠣᠳᠣᠯᠬᠢᠯᠠᠬᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠪᠠ ᠳᠦᠷᠢᠮ ᠤᠨ ᠪᠠᠶᠢᠭᠤᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠳᠠᠯᠢ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠪᠠᠶᠢᠴᠠᠭᠠᠵᠤ ᠴᠡᠭᠴᠡᠯᠡᠨ ᠵᠠᠰᠠᠵᠤ᠂ ᠵᠣᠬᠢᠴᠠᠩᠭᠤᠶ ᠲᠣᠭᠲᠠᠴᠠ ᠶᠢ ᠬᠡᠷᠡᠭᠵᠢᠭᠦᠯᠦᠨ ᠲᠡᠭᠦᠯᠳᠡᠷᠵᠢᠭᠦᠯᠵᠦ᠂ ᠨᠢᠭᠡ ᠶᠢ ᠢᠯᠡᠷᠡᠭᠦᠯᠪᠡᠯ᠂ ᠨᠢᠭᠡ ᠬᠡᠰᠡᠭ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡ ᠲᠠᠯ᠎ᠠ ᠶᠢ ᠵᠢᠷᠤᠮᠵᠢᠭᠤᠯᠤᠨ ᠳᠡᠭᠡᠭᠰᠢᠯᠡᠭᠦᠯᠵᠦ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃    ︵ᠭᠤᠷᠪᠠ︶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠢᠨᠠᠯᠲᠠ ᠲᠠᠯᠪᠢᠬᠤ ᠪᠠ ᠬᠠᠮᠲᠤᠪᠠᠷ ᠪᠠᠶᠢᠭᠤᠯᠬᠤ ᠳᠤ ᠣᠷᠣᠯᠴᠠᠬᠤ ᠠᠷᠭ᠎ᠠ ᠵᠠᠮ ᠢ ᠪᠠᠶᠢᠩᠭᠤᠵᠢᠭᠤᠯᠤᠨ ᠰᠢᠯᠤᠭᠤᠳᠬᠠᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠵᠠᠭᠠᠯᠳᠤᠬᠤ ᠰᠠᠨᠠᠯ ᠤᠨ ᠬᠠᠶᠢᠷᠴᠠᠭ ᠲᠣᠬᠢᠷᠠᠭᠤᠯᠵᠤ᠂ ᠰᠦᠯᠵᠢᠶᠡᠨ ᠳᠡᠭᠡᠷᠡᠬᠢ ︽ᠵᠠᠭᠠᠯᠳᠤᠬᠤ ᠰᠠᠨᠠᠯ ᠤᠨ ᠲᠠᠪᠴᠠᠩ︾ ᠭᠠᠷᠭᠠᠵᠤ᠂ ᠵᠠᠭᠠᠯᠳᠤᠯᠭ᠎ᠠ ᠶᠢᠨ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠠᠨ ᠨᠡᠶᠢᠲᠡᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠠᠰᠠᠭᠤᠳᠠᠯ ᠢ ᠲᠣᠬᠢᠲᠠᠢ ᠬᠦᠯᠢᠶᠡᠨ ᠠᠪᠴᠤ ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠱᠠᠭᠠᠷᠳᠠᠯᠭ᠎ᠠ ᠶᠢ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢᠨ ᠠᠵᠢᠯ ᠢ ᠭᠦᠨᠵᠡᠭᠡᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠤ᠂ ᠮᠠᠲ᠋ᠧᠷᠢᠶᠠᠯ ᠢ ᠪᠠᠭᠠᠰᠬᠠᠨ᠂ ᠭᠤᠬᠴᠤᠭ᠎ᠠ ᠶᠢ ᠦᠭᠡᠶᠢᠰᠭᠡᠨ᠂ ᠦᠷ᠎ᠠ ᠪᠦᠳᠤᠮᠵᠢ ᠶᠢ ᠲᠡᠭᠡᠭᠰᠢᠯᠡᠬᠦᠯᠤᠨ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃    ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶᠂ ᠠᠰᠠᠭᠤᠳᠠᠯ ᠴᠤᠭᠯᠠᠭᠤᠯᠬᠤ ᠱᠠᠲᠤ ᠦᠶ᠎ᠡ ︵3 ᠰᠠᠷ᠎ᠠ ᠶᠢᠨ 2 ᠤᠨ ᠡᠳᠦᠷ ᠠᠴᠠ 4 ᠰᠠᠷ᠎ᠠ ᠶᠢᠨ 20 ᠤ ᠡᠳᠦᠷ︶  ᠃ ᠬᠤᠲᠠ ᠶᠢᠨ ᠱᠠᠲᠤ ᠲᠠᠢ ᠵᠡᠷᠭᠡᠪᠡᠷ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠴᠤᠭᠯᠠᠭᠤᠯᠬᠤ ᠠᠯᠪᠠᠨ ᠵᠠᠷ ᠢ ᠨᠡᠶᠢᠲᠡᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠶᠤᠴᠢᠯᠠᠭᠰᠠᠨ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠬᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠵᠢᠯ ᠤᠨ ᠰᠤᠷᠲᠠᠯ᠂ ᠦᠢᠯᠡᠴᠢᠯᠡᠬᠡᠨ ᠤ ᠶᠠᠰᠤ ᠴᠢᠨᠠᠷ᠂ ᠬᠢᠨᠠᠨ ᠵᠥᠪᠰᠢᠶᠡᠷᠡᠬᠦ ᠶᠠᠪᠤᠴᠠ ᠵᠡᠷᠭᠡ ᠲᠠᠯ᠎ᠠ ᠶᠢᠨ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠪᠤᠶᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠣᠨᠣᠰᠴᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠰᠡᠯ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠲᠥᠪᠯᠡᠷᠡᠭᠦᠯᠦᠨ ᠲᠣᠰᠬᠠᠵᠤ᠂ ᠬᠤᠰᠢᠭᠤᠨ ᠤ ᠵᠠᠭᠤᠨ ᠡᠳᠦᠷ ᠤᠨ ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃    ︵ᠬᠤᠶᠠᠷ︶ ᠴᠡᠭᠴᠡᠯᠡᠨ ᠨᠠᠶᠢᠳᠠᠪᠤᠷᠢᠵᠢᠭᠤᠯᠬᠤ ᠱᠠᠲᠤ ᠦᠶ᠎ᠡ ︵4 ᠳ᠋ᠤᠭᠡᠷ ᠰᠠᠷ᠎ᠠ ᠶᠢᠨ 21 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ︶᠃ ᠬᠤᠰᠢᠭᠤᠨ ᠤ ᠵᠠᠭᠤᠨ ᠡᠳᠦᠷ ᠤᠨ ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ ᠴᠤᠭᠯᠠᠭᠤᠯᠤᠭᠰᠠᠨ ᠠᠰᠠᠭᠤᠳᠠᠯ ᠤᠨ ᠰᠦᠪᠡᠭᠴᠢ ᠶᠢ ᠬᠠᠷᠢᠶ᠎ᠠ ᠭᠠᠵᠠᠷ ᠤᠨ ᠲᠠᠰ ᠳᠠᠪᠬᠤᠷᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠣᠰᠣᠭᠠᠷ ᠲᠤᠮᠢᠯᠠᠨ ᠲᠠᠷᠬᠠᠭᠠᠬᠤ ᠶᠢ ᠬᠠᠷᠢᠭᠤᠴᠠᠬᠤ ᠶᠢᠨ ᠬᠠᠮᠲᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ ︽ᠭᠤᠷᠪᠠᠨ ᠬᠠᠭᠤᠳᠠᠰᠤ ᠨᠢᠭᠡ ᠵᠠᠬᠢᠳᠠᠯ︾ ᠤᠨ ᠲᠠᠰ ᠳᠠᠷᠠᠭᠠᠯᠠᠯ ᠤᠨ ᠶᠣᠰᠣᠭᠠᠷ ᠰᠠᠨᠠᠭᠤᠯᠬᠤ᠂ ᠱᠠᠭᠠᠷᠳᠠᠨ ᠭᠦᠢᠴᠡᠳᠬᠡᠬᠦ᠂ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠠᠵᠢᠯ ᠤᠨ ᠲᠤᠰᠬᠠᠶ ᠠᠩᠭᠢ ᠳᠤ ᠮᠡᠳᠡᠭᠦᠯᠦᠨ᠂ ᠨᠢᠭᠡ ᠠᠰᠠᠭᠤᠳᠠᠯ ᠢ ᠴᠤᠭᠯᠠᠭᠤᠯᠪᠠᠯ᠂ ᠨᠢᠭᠡ ᠠᠰᠠᠭᠤᠳᠠᠯ ᠢ ᠰᠢᠢᠳᠪᠦᠷᠢᠯᠡᠨ᠂ ᠨᠢᠭᠡ ᠠᠰᠠᠭᠤᠳᠠᠯ ᠢ ᠬᠠᠷᠢᠭᠤ ᠲᠤᠰᠬᠠᠵᠤ᠂ 5 ᠰᠠᠷ᠎ᠠ ᠶᠢᠨ 20 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ︵ᠭᠤᠷᠪᠠ︶ ᠳ᠋ᠦᠩᠨᠡᠯᠲᠡ ᠬᠢᠵᠦ ᠰᠢᠯᠭᠠᠨ ᠠᠪᠬᠤ ᠱᠠᠲᠤ ᠦᠶ᠎ᠡ ︵5 ᠳ᠋ᠤᠭᠠᠷ ᠰᠠᠷ᠎ᠠ ᠶᠢᠨ 21 ᠤ ᠡᠳᠦᠷ ᠠᠴᠠ 6 ᠳ᠋ᠤᠭᠠᠷ ᠰᠠᠷ᠎ᠠ ᠶᠢᠨ 10 ᠤ ᠡᠳᠦᠷ︶᠃ ᠬᠤᠰᠢᠭᠤᠨ ᠤ ᠵᠠᠭᠤᠨ ᠡᠳᠦᠷ ᠤᠨ ᠠᠵᠢᠯᠯᠠᠭᠠᠨ ᠤ ᠲᠤᠰᠬᠠᠶ ᠠᠩᠭᠢ ᠨᠢ ᠵᠠᠭᠤᠨ ᠡᠳᠦᠷ ᠤᠨ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠨ ᠰᠢᠯᠭᠠᠨ ᠠᠪᠬᠤ ᠶᠢ ᠬᠠᠷᠢᠭᠤᠴᠠᠵᠤ᠂ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠤᠷᠰᠢᠯᠭ᠎ᠠ ᠬᠢᠳᠡᠯ ᠢᠶᠠᠨ ᠳ᠋ᠦᠩᠨᠡᠨ᠂ ᠠᠵᠢᠯ ᠤᠨ ᠰᠠᠨᠠᠯ ᠢᠶᠠᠨ ᠳᠤᠷᠠᠳᠬᠤ ᠶᠢᠨ ᠬᠠᠮᠲᠤ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠳᠤᠮᠳᠠ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ᠂ ᠠᠵᠢᠯ ᠬᠢᠬᠦ ᠥᠬᠡᠶ ᠪᠠ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠦᠨᠳᠦ ᠨᠣᠴᠢᠲᠠᠶ ᠡᠪᠳᠡᠭᠰᠡᠨ ᠨᠢᠭᠡᠴᠡ ᠵᠢᠴᠢ ᠬᠤᠪᠢ ᠬᠥᠮᠦᠨ ᠳᠤ ᠬᠠᠮᠢᠶ᠎ᠠ ᠪᠥᠬᠦᠶ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠠᠰᠢᠭᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ ᠰᠢᠢᠳᠪᠦᠷᠢᠳᠦ ᠪᠤᠳᠤᠯᠭ᠎ᠠ ᠲᠠᠢ ᠨᠢᠭᠡᠳᠭᠡᠵᠦ᠂ ᠭᠤᠣᠯ ᠤᠳᠤᠷᠢᠳᠤᠯᠭ᠎ᠠ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠠᠮᠢᠶ᠎ᠠ ᠪᠦᠬᠦᠢ ᠠᠵᠢᠯ ᠢ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠦ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ  ᠪᠠᠲᠤᠯᠠᠨ᠎ᠠ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠣᠰ ᠤᠳᠠᠭᠠᠨ ᠤ ᠵᠠᠭᠤᠨ ᠡᠳᠦᠷ ᠤᠨ ᠠᠵᠢᠯᠯᠠᠭ᠎ᠠ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠲᠠᠯ᠎ᠠ ᠪᠠᠷ ᠤᠳᠤᠷᠢᠳᠴᠤ᠂ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠠᠴᠠ ᠠᠵᠢᠯ ᠢ ᠲᠦᠷᠦᠭᠦᠯᠡᠨ ᠥᠷᠨᠢᠭᠦᠯᠵᠦ ᠪᠣᠳᠠᠲᠠᠶ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠠᠮᠢᠶ᠎ᠠ ᠪᠥᠬᠦᠶ ᠠᠵᠢᠯᠲᠠᠨ ᠢ ᠰᠣᠩᠭᠤᠨ ︽ᠠᠵᠤ ᠠᠬᠤᠶᠢᠯᠠᠯ ᠳᠤ ᠠᠰᠢᠭᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠤᠨ ᠡᠳᠦᠷ ᠤᠨ ᠠᠵᠢᠯᠯᠠᠭᠠᠨ ᠤ ᠲᠤᠰᠬᠠᠶ ᠠᠩᠭᠢ︾ ᠶᠢ ᠪᠦᠷᠢᠯᠳᠦᠭᠦᠯᠵᠦ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠤ ᠲᠥᠪᠯᠡᠷᠡᠭᠦᠯᠦᠨ ᠠᠵᠢᠯᠯᠠᠭᠤᠯᠵᠤ᠂ ᠲᠤᠰᠬᠠᠶ ᠠᠩᠭᠢ ᠨᠢ ᠲᠣᠰ ᠭᠠᠵᠠᠷ ᠣᠷᠣᠨ ᠤ ᠠᠵᠢᠯ ᠤᠨ ᠠᠵᠢᠯᠯᠠᠭᠠᠨ ᠢ ᠬᠠᠷᠢᠭᠤᠴᠠᠬᠤ ᠶᠢᠨ ᠬᠠᠮᠲᠤ ᠳᠡᠭᠡᠳᠦ ᠳᠣᠤᠷᠠᠳᠤ ᠱᠠᠲᠤ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃    ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠬᠤᠰᠢᠭᠤᠨ ᠤ ᠤᠬᠠᠭᠤᠯᠬᠤ ᠰᠠᠯᠠᠭ᠎ᠠ ᠮᠥᠴᠢᠷ ᠤᠨ ᠬᠢᠨ ᠵᠠᠭᠤᠨ ᠡᠳᠦᠷ ᠤᠨ ᠠᠵᠢᠯᠯᠠᠭ᠎ᠠ ᠶᠢ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ ᠢ  ᠰᠢᠯᠢᠳᠡᠭᠵᠢᠭᠦᠯᠬᠦ  ᠰᠢᠯᠢᠳᠡᠭ ᠪᠣᠯᠬᠤ  ᠪᠠᠷ ᠴᠢᠷᠮᠠᠶᠢᠬᠤ ᠣᠨ ᠤ  ᠶᠡᠷᠦᠩᠬᠡᠢ ᠤᠬᠠᠭᠤᠯᠭ᠎ᠠ ᠶᠢᠨ ᠠᠵᠢᠯ ᠳᠤ ᠣᠷᠣᠭᠤᠯᠵᠤ᠂ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠤᠬᠠᠭᠤᠯᠦᠨ᠂ ᠴᠠᠭ ᠲᠤᠬᠠᠢ ᠳᠤᠨᠢ ᠦᠨᠡᠨ ᠪᠣᠳᠠᠲᠠᠢ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠠᠶᠢᠴᠠᠭᠠᠨ ᠲᠣᠳᠣᠯᠠᠵᠤ ᠢᠯᠡᠴᠢᠯᠡᠨ᠂ ᠪᠣᠭᠤᠮᠲᠠ ᠰᠢᠪᠲᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠦᠵᠡᠭᠦᠯᠬᠦ ᠳᠠᠶᠢᠴᠢᠯᠠᠬᠤ ᠬᠦᠴᠦᠨ᠂ ᠨᠥᠯᠥᠭᠡᠯᠡᠬᠦ ᠬᠦᠴᠦᠨ ᠢ ᠥᠷᠭᠡᠳᠬᠡᠵᠦ᠂ ᠬᠥᠮᠦᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠦᠷᠢᠶ᠎ᠡ ᠶᠢᠨ ᠵᠥᠪ ᠲᠠᠯ᠎ᠠ ᠶᠢᠨ ᠲᠦᠷᠢ ᠲᠥᠷᠬᠦ ᠶᠢ ᠪᠤᠢ ᠪᠣᠯᠭᠠᠨ᠎ᠠ᠃
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号