ᠮᠦᠩᠭᠦᠨ ᠡᠯᠡᠰᠦᠨ ᠲᠤᠬᠤᠢ ᠳᠤ ᠦᠩᠬᠡᠳᠦ ᠡᠯᠢᠶ᠎ᠡ ᠡᠷᠬᠢᠯᠳᠦᠨ ᠬᠠᠪᠤᠷ ᠤᠨ ᠦᠵᠡᠮᠵᠢ ᠬᠢᠵᠠᠭᠠᠯᠠᠰᠢ ᠦᠬᠡᠢ ᠰᠠᠶᠢᠬᠠᠨ
ᠨᠡᠶᠢᠲᠡᠯᠡᠭᠰᠡᠨ ᠴᠠᠭ᠄
2023/3/26
  ᠡᠯᠡᠰᠦᠨ ᠴᠥᠯ ᠤᠨ ᠬᠠᠪᠤᠷ ᠤᠨ ᠦᠵᠡᠮᠵᠢ ᠬᠢᠵᠠᠭᠠᠯᠠᠰᠢ ᠥᠬᠡᠶ ᠰᠠᠶᠢᠬᠠᠨ᠂ ᠮᠥᠩᠭᠦᠨ ᠡᠯᠡᠰᠦᠨ ᠲᠤᠬᠤᠢ ᠳᠤ ᠥᠩᠭᠡᠲᠦ ᠡᠯᠢᠶ᠎ᠡ ᠡᠷᠬᠢᠯᠳᠦᠨ᠎ᠡ᠃ 3 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠤᠷᠭᠠᠨ ᠭᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠲᠠᠷᠢᠶᠠᠯᠠᠩ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢ ᠳᠠᠭᠠᠭᠠᠨ ᠡᠷᠬᠢᠯᠡᠬᠦ᠂ ᠬᠦᠷᠢᠶ᠎ᠡ ᠬᠤᠰᠢᠭᠤᠨ ᠤ ᠮᠥᠩᠭᠦᠨ ᠡᠯᠡᠰᠦᠨ ᠲᠤᠬᠤᠢ ᠦᠵᠡᠮᠵᠢ ᠶᠢᠨ ᠣᠷᠣᠨ᠂ ᠱᠧᠩ ᠯᠢᠦᠢ ᠵᠠᠭᠤᠴᠢᠯᠠᠭᠤᠷ ᠤᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠵᠢᠨ ᠡᠷᠬᠢᠯᠡᠭᠰᠡᠨ ︽ᠬᠠᠪᠤᠷ ᠲᠠᠢ ᠭᠠᠷ ᠬᠤᠯᠪᠣᠨ ᠬᠦᠰᠡᠯ ᠵᠡᠭᠦᠳᠦ  ᠪᠠᠨ ᠲᠡᠷᠭᠡᠯᠰᠢᠭᠦᠯᠬᠦ︾ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠵᠢᠴᠢ ᠬᠦᠷᠢᠶ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠪᠤᠷ ᠤᠨ ᠤᠯᠠᠷᠢᠯ ᠤᠨ ︽ᠴᠠᠭᠠᠰᠤᠨ ᠰᠢᠪᠠᠭᠤ ᠶᠢᠨ ᠴᠤᠭᠯᠠᠭᠠᠨ︾ ᠤ ᠭᠦᠳᠡᠯᠬᠡᠬᠡᠨ ᠮᠦᠩᠭᠦᠨ ᠡᠯᠡᠰᠦᠨ ᠲᠤᠬᠤᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠣᠯᠵᠤᠭ᠎ᠠ ᠶᠣᠰᠣᠭᠠᠷ ᠡᠬᠢᠯᠡᠵᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠵᠢᠶᠤᠤ ᠮᠢᠨ ᠯᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠤ ᠱᠠ ᠯᠠᠶ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠮᠢᠩ ᠮᠢᠩ ᠂ ᠲᠦᠩᠯᠢᠶᠣᠤ ᠬᠤᠲᠠ ᠶᠢᠨ ᠬᠤᠩ ᠴᠢᠶᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᡁᠢ ᠭᠠᠩ ᠶᠣᠰᠣᠯᠠᠯ ᠳᠤ ᠣᠷᠣᠯᠴᠠᠪᠠ᠃
   ᠵᠢᠶᠦᠦ ᠮᠢᠨ ᠯᠢ 2023 ᠣᠨ ᠤ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠤᠨ ᠳᠡᠯᠭᠡᠷᠡᠭᠦᠯᠬᠦ ᠰᠢᠷᠢᠰ ᠭᠦᠳᠡᠯᠬᠡᠬᠡᠨ ᠤ ᠲᠣᠬᠢᠷᠠᠭᠤᠯᠤᠯᠲᠠ ᠶᠢ ᠨᠡᠶᠢᠲᠡᠯᠡᠪᠡ᠃ ᠵᠢᠶᠤᠤ ᠮᠢᠨ ᠯᠢ ᠵᠢᠭᠠᠭᠰᠠᠨ ᠨᠢ᠂ 2023 ᠣᠨ ᠪᠣᠯ ᠰᠣᠶᠣᠯ ᠵᠢᠭᠤᠯᠴᠢᠯᠠᠯ ᠤᠨ ᠦᠢᠯᠡᠰ ᠤᠨ  ︽ᠬᠠᠪᠤᠷ︾ ᠪᠠᠶᠢᠵᠤ᠂ ᠵᠢᠭᠤᠯᠴᠢᠯᠠᠯ ᠤᠨ ᠬᠡᠷᠡᠭᠯᠡᠭᠡ ᠶᠡᠭᠡ ᠪᠠᠷ ᠰᠡᠷᠭᠦᠬᠦ ᠪᠣᠯᠤᠨ᠎ᠠ᠃ ᠡᠭᠦᠨ ᠳᠤ ᠲᠦᠩᠯᠢᠶᠣᠤ ᠬᠤᠲᠠ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠡᠨᠡ ᠬᠦ ᠭᠤᠤᠯᠳᠠᠯᠭ᠎ᠠ ᠶᠢ ᠴᠢᠩᠭ᠎ᠠ ᠠᠩᠬᠠᠷᠴᠤ᠂ ︽ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠵᠠᠪᠳᠤᠨ ᠡᠵᠡᠯᠡᠵᠦ᠂ ᠰᠣᠶᠣᠯ ᠵᠢᠭᠤᠯᠴᠢᠯᠠᠯ ᠤᠨ ᠠᠵᠤ ᠠᠬᠤᠶ ᠶᠢ ᠵᠠᠪᠳᠤᠨ ᠬᠥᠭᠵᠢᠭᠦᠯᠬᠦ︾ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ︽ᠪᠣᠳᠠᠲᠠᠶ ᠠᠵᠢᠯᠯᠠᠵᠤ ᠦᠷ᠎ᠡ ᠪᠦᠲᠦᠮᠵᠢ ᠤᠯᠬᠤ︾ ᠲᠣᠭᠤᠷᠢᠨ ᠳᠤ᠂ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠪᠠᠶᠠᠷ ᠳᠤᠷᠠᠰᠬᠠᠯ ᠤᠨ ᠠᠵᠢᠯᠯᠠᠭ᠎ᠠ ᠳᠤ ᠰᠢᠨ᠎ᠡ ᠶᠢ ᠡᠭᠦᠳᠴᠦ᠂ ᠬᠡᠷᠡᠭᠯᠡᠭᠡᠨ ᠤ ᠠᠬᠤᠶ ᠲᠠᠯᠠᠪᠠᠶ ᠶᠢᠨ ᠰᠢᠨ᠎ᠡ ᠶᠢ ᠡᠭᠦᠳᠴᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ᠂ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠨᠥᠬᠦᠴᠡᠯ  ᠪᠦᠷᠢᠯᠳᠦᠭᠦᠯᠭᠦ ᠬᠡᠷᠡᠭᠳᠡᠢ ᠬᠡᠵᠡᠢ᠃
   ᠢᠦᠢ ᠮᠢᠩ ᠮᠢᠩ ᠠᠴᠠ᠄ ᠲᠤᠰ ᠤᠳᠠᠭ᠎ᠠ ᠶᠢᠨ ︽ᠬᠠᠪᠤᠷ ᠲᠠᠢ ᠭᠠᠷ ᠬᠤᠯᠪᠣᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠬᠦᠷᠢᠶ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠪᠤᠷ ᠤᠨ ᠤᠯᠠᠷᠢᠯ ᠤᠨ ︽ᠴᠠᠭᠠᠰᠤᠨ ᠰᠢᠪᠠᠭᠤ ᠶᠢᠨ ᠴᠤᠭᠯᠠᠭᠠᠨ︾ ᠤ ᠭᠦᠳᠡᠯᠬᠡᠬᠡᠨ ᠪᠣᠯ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠶᠠᠪᠤᠳᠠᠯ ᠪᠣᠯᠬᠤ ᠪᠠᠷ ᠪᠠᠷᠠᠬᠤ ᠦᠬᠡᠢ᠂ ᠪᠠᠰᠠ ᠴᠤ ᠲᠣᠭᠯᠠᠯᠲᠠ᠂ ᠤᠷᠤᠯᠳᠤᠭᠠᠨ᠂ ᠤᠷᠠᠨ ᠵᠢᠷᠤᠭ ᠵᠡᠷᠭᠡ ᠤᠯᠠᠨ ᠵᠦᠢᠯ ᠤᠨ ᠪᠡᠶᠡᠴᠢ ᠣᠶᠢᠯᠠᠭᠠᠯᠲᠠ ᠶᠢ ᠨᠢᠭᠡ ᠴᠤᠬᠴᠠᠵᠢᠭᠤᠯᠤᠬᠰᠠᠨ ᠦᠪᠡᠳᠡᠭᠰᠢ ᠨᠠᠶᠢᠷ ᠪᠠᠶᠢᠵᠦ᠂ ᠨᠡᠩ ᠴᠤ ᠨᠢᠭᠡ ᠤᠳᠠᠭ᠎ᠠ ᠶᠢᠨ ᠣᠷᠣᠨ ᠪᠦᠰᠡ ᠶᠢᠨ ᠥᠪᠡᠷᠮᠢᠴᠡ ᠣᠨᠴᠠᠯᠢᠭ ᠲᠠᠢ᠂ ᠥᠪᠡᠷᠮᠢᠴᠡ ᠲᠠᠲᠠᠬᠤ ᠬᠦᠴᠦᠨ ᠲᠠᠢ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠭᠰᠠᠨ ᠦᠪᠡᠳᠡᠭᠰᠢ ᠴᠤᠭᠯᠠᠭᠠᠨ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠨᠢ ︽ᠭᠠᠷᠠᠭ ᠤᠨ ᠰᠡᠭᠦᠯᠴᠢ ᠶᠢᠨ ᠬᠦᠷᠢᠶ᠎ᠡ ᠵᠢᠭᠤᠯᠴᠢᠯᠠᠬᠤ︾ ᠵᠢᠭᠤᠯᠴᠢᠯᠠᠯ ᠤᠨ ᠨᠠᠷᠠᠲᠤ ᠲᠡᠮᠳᠡᠭ ᠢ ᠦᠷᠭᠦᠯᠵᠢᠯᠡᠨ ᠡᠭᠦᠳᠴᠦ᠂ ᠥᠷᠭᠡᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠬᠦᠷᠢᠶ᠎ᠡ ᠬᠤᠰᠢᠭᠤᠨ ᠤ ᠵᠢᠭᠤᠯᠴᠢᠯᠠᠯ ᠤᠨ ᠬᠥᠮᠦᠰ ᠤᠨ ᠲᠠᠭᠠᠰᠢᠶᠠᠯ ᠢ ᠳᠠᠶᠢᠴᠢᠯᠠᠵᠤ᠂ ᠡᠷᠡᠭᠦᠯ᠂ ᠪᠣᠯᠪᠠᠰᠤᠨ᠂ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ ᠬᠡᠵᠡᠢ᠃
   ᠳᠠᠷᠠᠭ᠎ᠠ ᠨᠢ ᠵᠢᠶᠣᠣ ᠮᠢᠨ ᠯᠢ ᠬᠦᠷᠢᠶ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠪᠤᠷ ᠤᠨ ᠤᠯᠠᠷᠢᠯ  ᠤᠨ ︽ᠴᠠᠭᠠᠰᠤᠨ ᠰᠢᠪᠠᠭᠤ ᠶᠢᠨ ᠴᠤᠭᠯᠠᠭᠠᠨ  ︾ ᠤ ᠭᠦᠳᠡᠯᠬᠡᠬᠡᠨ ᠤ ᠥᠯᠵᠡᠶᠢᠲᠦ ᠯᠣᠤ ᠴᠠᠭᠠᠰᠤᠨ ᠰᠢᠪᠠᠭᠤ ᠳᠤ ᠨᠢᠳᠦ ᠲᠤᠶ᠋ᠢᠪᠠ᠃ ᠵᠢᠶᠤᠤ ᠮᠢᠨ ᠯᠢ᠂ ᠪᠤᠤ ᠱᠠ ᠯᠠᠢ᠂ ᠢᠦᠢ ᠮᠢᠩ ᠮᠢᠩ ᠬᠠᠮᠲᠤᠪᠠᠷ ᠬᠥᠳᠡᠯᠭᠡᠬᠦ ᠡᠰᠢ ᠶᠢ ᠠᠬᠢᠭᠤᠯᠵᠤ᠂ ᠭᠦᠳᠡᠯᠬᠡᠬᠡᠨ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠲᠣᠰ ᠤᠳᠠᠭᠠᠨ ᠤ ᠭᠦᠳᠡᠯᠬᠡᠬᠡᠨ ᠳᠤ ᠠᠪᠤ ᠡᠵᠢ ᠦᠷ᠎ᠡ ᠬᠡᠦᠬᠡᠳ ᠤᠨ ᠭᠠᠷ ᠤᠷᠠᠯᠠᠯ ᠤᠨ ᠵᠢᠷᠤᠭᠳᠦ ᠴᠠᠭᠠᠰᠤᠨ ᠰᠢᠪᠠᠭᠤ᠂ ᠣᠯᠠᠨ ᠥᠩᠭᠡᠲᠦ ᠴᠠᠭᠠᠰᠤᠨ ᠰᠢᠪᠠᠭᠤ ᠶᠢᠨ ᠣᠷᠳᠣ ᠬᠤᠩᠭᠢᠯ ᠤᠨ ᠦᠵᠡᠭᠦᠯᠦᠯᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠴᠠᠭᠠᠰᠤᠨ ᠰᠢᠪᠠᠭᠤ  ᠶᠢᠨ ᠤᠷᠤᠯᠳᠤᠭᠠᠨ᠂ ᠱᠠᠨᠳᠦ᠋ᠩ ᠸᠧᠶ ᠹᠠᠩ ᠤᠨ ᠲᠢᠶᠠᠨ ᠱᠦᠨ ᠴᠠᠭᠠᠰᠤᠨ ᠰᠢᠪᠠᠭᠤ ᠨᠢᠰᠬᠡᠬᠦ ᠲᠤᠰᠬᠠᠶ ᠪᠦᠯᠬᠦᠮ  ᠤᠨ ᠣᠨᠴᠠ ᠮᠡᠷᠭᠡᠵᠢᠯ ᠤᠨ ᠲᠣᠭᠯᠠᠯᠲᠠ᠂ ᠬᠤᠲᠠ ᠶᠢᠨ ᠴᠠᠭᠠᠰᠤᠨ ᠰᠢᠪᠠᠭᠤ ᠶᠢᠨ ᠨᠡᠶᠢᠭᠡᠮᠯᠢᠭ ᠵᠢᠴᠢ ᠴᠠᠭᠠᠰᠤᠨ ᠰᠢᠪᠠᠭᠤ ᠰᠣᠨᠢᠷᠬᠠᠭᠴᠢᠳ ᠴᠢᠯᠥᠭᠡᠲᠡᠶ ᠨᠢᠰᠬᠡᠬᠦ ᠵᠡᠷᠭᠡ ᠲᠠᠪᠤᠨ ᠬᠡᠰᠡᠭ ᠪᠠᠭᠲᠠᠨ᠎ᠠ᠃
   ᠭᠦᠳᠡᠯᠬᠡᠬᠡᠨ ᠳᠤᠮᠳᠠ᠂ ᠪᠦᠬᠦ ᠬᠤᠰᠢᠭᠤᠨ ᠤ 24 ᠳᠤᠮᠳᠠᠳᠤ ᠪᠠᠭ᠎ᠠ ᠰᠤᠷᠭᠠᠭᠤᠯᠢ ᠶᠢᠨ ᠣᠷᠣᠯᠴᠠᠭᠴᠢ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠲᠣᠭᠤᠷᠢᠭ ᠲᠤ᠂  ᠤᠷᠤᠯᠳᠤᠭᠠᠴᠢᠨ ᠭᠠᠷ ᠲᠠᠭᠠᠨ ᠪᠦᠲᠦᠭᠡᠯᠴᠢ ᠴᠢᠨᠠᠷᠲᠠᠶ ᠴᠠᠭᠠᠰᠤᠨ ᠰᠢᠪᠠᠭᠤ ᠪᠠᠷᠢᠵᠤ᠂ ᠬᠠᠶᠠ ᠭᠦᠶᠦᠵᠦ᠂ ᠬᠠᠶᠠ ᠤᠲᠠᠰᠤ ᠲᠠᠯᠪᠢᠵᠤ᠂ ᠡᠯ᠎ᠡ ᠲᠥᠷᠥᠯ ᠤᠨ ᠴᠠᠭᠠᠰᠤᠨ ᠰᠢᠪᠠᠭᠤ ᠥᠩᠭᠡ ᠪᠤᠯᠢᠶᠠᠯᠳᠤᠨ ᠥᠷᠢᠰᠥᠯᠳᠦᠵᠦ᠂ ᠮᠥᠩᠭᠦᠨ ᠡᠯᠡᠰᠦᠨ ᠲᠤᠬᠤᠢ ᠶᠢᠨ ᠣᠭᠲᠠᠷᠭᠤᠶ ᠳᠤ ᠳᠡᠭᠦᠯᠢᠨ ᠨᠢᠰᠬᠡᠪᠡ᠃ ᠬᠤᠶᠠᠷ ᠴᠠᠭ ᠰᠢᠬᠠᠮ ᠨᠢᠰᠬᠡᠬᠦ ᠤᠷᠤᠯᠳᠤᠭᠠᠨ ᠢᠶᠠᠷ ᠳᠠᠮᠵᠢᠨ᠂ ᠬᠠᠮᠤᠭ ᠰᠡᠭᠦᠯᠡᠷ ᠬᠦᠷᠢᠶ᠎ᠡ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠪᠠ ᠮᠠᠩᠬᠠᠨ ᠰᠤᠮᠤ ᠶᠢᠨ ᠳᠤᠮᠳᠠᠳᠤ ᠰᠤᠷᠭᠠᠭᠤᠯᠢ ᠲᠤᠰ ᠲᠤᠰ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠬᠦᠷᠲᠡᠪᠡ᠃
   ᠭᠦᠳᠡᠯᠬᠡᠬᠡᠨ ᠤ ᠲᠤᠬᠠᠢ ᠶᠢᠨ ᠲᠠᠯᠠᠪᠠᠢ ᠳᠤ᠂ ᠱᠠᠨᠳᠦ᠋ᠩ ᠸᠧᠢ ᠹᠠᠩ ᠤᠨ ᠲᠢᠶᠠᠨ ᠱᠦᠨ ᠴᠠᠭᠠᠰᠤᠨ ᠰᠢᠪᠠᠭᠤ  ᠶᠢᠨ ᠲᠤᠰᠬᠠᠢ ᠨᠢᠰᠦᠯᠲᠡ ᠶᠢᠨ ᠪᠦᠯᠬᠦᠮ ᠪᠠᠰᠠ ᠭᠠᠩᠭᠠᠩ ᠰᠠᠶᠢᠬᠠᠨ ᠴᠠᠭᠠᠰᠤᠨ ᠰᠢᠪᠠᠭᠤ ᠶᠢᠨ ᠣᠨᠴᠠ ᠮᠡᠷᠭᠡᠵᠢᠯ  ᠤᠨ ᠲᠣᠭᠯᠠᠯᠲᠠ ᠭᠠᠷᠭᠠᠵᠤ᠂ ᠡᠯ᠎ᠡ ᠵᠦᠢᠯ ᠤᠨ ᠯᠣᠣ ᠶᠢᠨ ᠬᠡᠯᠬᠢᠶᠡᠲᠦ ᠴᠠᠭᠠᠰᠤᠨ ᠰᠢᠪᠠᠭᠤ᠂ ᠵᠢᠭᠦᠷ ᠤᠨ ᠲᠦᠷᠦᠯ  ᠤᠨ ᠴᠠᠭᠠᠰᠤᠨ ᠰᠢᠪᠠᠭᠤ᠂ ᠬᠠᠪᠲᠠᠰᠤᠨ ᠬᠡᠯᠪᠡᠷᠢᠲᠦ ᠴᠠᠭᠠᠰᠤᠨ ᠰᠢᠪᠠᠭᠤ ᠵᠡᠷᠭᠡ ᠨᠢ ᠰᠠᠯᠬᠢᠨ ᠤ ᠠᠶ᠎ᠠ ᠪᠠᠷ ᠪᠥᠵᠢᠭᠯᠡᠵᠦ᠂ ᠨᠡᠵᠠ᠂ ᠤᠣ ᠪᠢᠩ᠂ ᠮᠠ ᠯᠢ ᠤᠣ ᠵᠡᠷᠭᠡ ᠺᠢᠨᠣ᠋ ᠲᠧᠯᠸᠢᠰ ᠤᠨ ᠺᠠᠷᠲ᠋ᠣᠨ ᠳᠦᠷᠰᠦᠯᠢᠭ ᠵᠥᠭᠡᠯᠡᠨ ᠪᠡᠶᠡᠲᠦ ᠴᠠᠭᠠᠰᠤᠨ ᠰᠢᠪᠠᠭᠤ ᠶᠢᠨ ᠳᠦᠷᠢ ᠲᠥᠷᠬᠦ ᠨᠢ ᠦᠨᠡᠨ ᠪᠣᠳᠠᠲᠠᠢ ᠪᠠᠶᠢᠵᠤ᠂ ᠦᠢ ᠤᠯᠠᠨ ᠵᠤᠭᠠᠴᠠᠭᠰᠠᠳ ᠤᠨ ᠠᠩᠬᠠᠷᠤᠯ ᠢ ᠲᠠᠳᠠᠵᠦ ᠭᠠᠷ ᠤᠳᠠᠰᠦ ᠪᠠᠨ ᠭᠠᠷᠭᠠᠨ ᠭᠤᠶᠢᠳᠠ ᠰᠠᠶᠢᠬᠠᠨ ᠠᠭᠱᠠᠨ ᠵᠠᠭᠤᠷ᠎ᠠ ᠶᠢ ᠰᠡᠭᠦᠳᠡᠷᠯᠡᠵᠡᠢ᠃
   ᠲᠣᠰ ᠤᠳᠠᠭᠠᠨ ᠤ ᠭᠦᠳᠡᠯᠬᠡᠬᠡᠨ ᠢᠶᠠᠷ ᠳᠠᠮᠵᠢᠭᠤᠯᠤᠨ᠂ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠠᠭᠤᠰᠤᠯᠴᠠᠯ ᠰᠣᠯᠢᠯᠴᠠᠭ᠎ᠠ ᠶᠢ ᠠᠬᠢᠭᠤᠯᠪᠠ᠃
   ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠬᠤᠰᠢᠭᠤ ︽ᠠᠮᠢ ᠠᠬᠤᠶ ᠶᠢᠨ ᠵᠠᠮ ᠢᠶᠠᠷ ᠵᠠᠮᠨᠠᠵᠤ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ︾ ᠬᠥᠭᠵᠢᠯᠲᠡ ᠶᠢᠨ ᠰᠡᠳᠬᠢᠴᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠠᠷᠠᠭ ᠤᠨ ᠰᠡᠭᠦᠯᠴᠢ ᠶᠢᠨ ᠬᠦᠷᠢᠶ᠎ᠡ ᠵᠢᠭᠤᠯᠴᠢᠯᠠᠬᠤ︾ ᠵᠢᠭᠤᠯᠴᠢᠯᠠᠯ ᠤᠨ ᠨᠠᠷᠠᠲᠤ ᠲᠡᠮᠳᠡᠭ ᠢ ᠬᠦᠴᠦᠯᠡᠨ ᠡᠭᠦᠳᠴᠦ᠂ 43 ᠵᠦᠶᠯ ᠤᠨ ᠰᠣᠶᠣᠯ ᠵᠢᠭᠤᠯᠴᠢᠯᠠᠯ ᠤᠨ ᠭᠦᠳᠡᠯᠬᠡᠬᠡᠨ ᠢ ᠨᠠᠷᠢᠨ ᠨᠢᠮᠪᠠᠶ ᠲᠥᠯᠥᠪᠯᠡᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠰᠣᠶᠣᠯ ᠵᠢᠭᠤᠯᠴᠢᠯᠠᠯ ᠤᠨ ᠬᠡᠷᠡᠭᠯᠡᠭᠡᠨ  ᠤ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠪᠠ᠃
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号