3 ᠰᠠᠷ᠎ᠠ ᠶᠢᠨ 28 ᠤ ᠡᠳᠦᠷ᠂ ᠪᠥᠬᠦ ᠬᠤᠲᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠦᠷᠢᠶ᠎ᠡ | ᠬᠤᠰᠢᠭᠤᠨ ᠳᠠᠬᠢ ᠭᠤᠤᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ | ᠨᠢᠭᠡᠳᠦᠭᠡᠷ ᠤᠯᠠᠷᠢᠯ ᠤᠨ ᠰᠣᠨᠢᠨ ᠮᠡᠳᠡᠭᠡᠨ ᠤ ᠰᠡᠳᠦᠪ ᠰᠤᠩᠭᠤᠨ ᠵᠣᠬᠢᠶᠠᠨ ᠲᠥᠯᠦᠪᠯᠡᠬᠦ ᠬᠤᠷᠠᠯ ᠬᠤᠷᠠᠯᠳᠤᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠱᠦ | ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠡᠳᠦᠷ ᠤᠨ ᠰᠣᠨᠢᠨ ᠤ ᠲᠦᠩᠯᠢᠶᠣᠤ ᠳᠤ | ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ᠂ ᠲᠦᠩᠯᠢᠶᠣᠤ ᠶᠢᠨ ᠡᠳᠦᠷ ᠤᠨ ᠰᠣᠨᠢᠨ᠂ ᠲᠦᠩᠯᠢᠶᠣᠤ ᠶᠢᠨ ᠷᠠᠳᠢᠣ᠋ | ᠲᠧᠯᠸᠢᠰ ᠬᠤᠷᠢᠶ᠎ᠠ ᠵᠡᠷᠭᠡ ᠳᠡᠭᠡᠳᠦ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ | ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠬᠦᠷᠢᠶ᠎ᠡ ᠶᠢ ᠬᠡᠷᠬᠢᠨ ᠰᠠᠶᠢᠲᠤᠷ ᠤᠬᠠᠭᠤᠯᠵᠤ᠂ ᠬᠦᠷᠢᠶ᠎ᠡ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠵᠧᠩ ᠱᠦ ᠯᠢᠩ ᠵᠢᠭᠠᠵᠤ ᠭᠠᠷᠭᠠᠭᠰᠠᠨ ᠨᠢ᠂ ᠳᠠᠪᠠᠭᠤᠯᠢᠭ ᠡᠬᠢ ᠪᠠᠶᠠᠯᠢᠭ ᠢ | ᠭᠦᠨᠵᠡᠭᠡᠶ ᠠᠭᠤᠳᠠᠯᠵᠤ᠂ ᠬᠦᠷᠢᠶ᠎ᠡ ᠶᠢᠨ ︽ᠨᠡᠷ᠎ᠡ ᠶᠢᠨ ᠬᠠᠭᠤᠳᠠᠰᠤ︾ ᠶᠢ ᠨᠠᠩ ᠢᠯᠡ ᠲᠣᠳᠣ ᠪᠣᠯᠭᠠᠬᠤ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠠᠳᠠᠯᠢ ᠪᠤᠰᠤ ᠭᠤᠣᠯᠳᠠᠯᠭ᠎ᠠ ᠠᠳᠠᠯᠢ ᠪᠣᠰᠤ | ᠬᠠᠷᠠᠭᠠᠰᠤ ᠠᠴᠠ ᠬᠦᠷᠢᠶ᠎ᠡ ᠬᠤᠰᠢᠭᠤᠨ ᠤ ᠨᠠᠷᠠᠲᠤ ᠰᠦᠮ᠎ᠡ᠂ ᠨᠠᠷᠠᠲᠤ ᠪᠥᠵᠢᠭ᠂ ᠨᠠᠷᠠᠲᠤ ᠢᠳᠡᠭᠡᠨ᠂ ᠨᠠᠷᠠᠲᠤ ᠡᠮ᠂ | ᠨᠠᠷᠠᠲᠤ ᠡᠯᠡᠰᠦ᠂ ᠨᠠᠷᠠᠲᠤ ᠪᠠᠯᠭᠠᠰᠤ ᠶᠢ ᠲᠥᠪᠯᠡᠷᠡᠭᠦᠯᠦᠨ ᠤᠬᠠᠭᠤᠯᠤᠨ ᠲᠠᠨᠢᠯᠴᠠᠭᠤᠯᠵᠤ᠂ ᠬᠦᠷᠢᠶ᠎ᠡ ᠬᠤᠰᠢᠭᠤᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠨᠴᠠᠯᠢᠬᠳᠤ ᠠᠵᠤ | ᠦᠢᠯᠡᠰ ᠢ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ | ᠪᠠᠶᠢᠨ᠎ᠠ᠃ ᠭᠠᠳᠠᠭᠠᠳᠤ ᠲᠠᠢ ᠨᠡᠪᠲᠡᠷᠡᠯᠴᠡᠬᠦ ᠬᠥᠭᠦᠷᠭᠡ ᠲᠠᠯᠪᠢᠵᠤ᠂ ᠬᠦᠷᠢᠶ᠎ᠡ ᠶᠢᠨ ᠳᠠᠭᠤᠨ ᠢ ᠨᠠᠩ ᠬᠤᠯᠠ | ᠳᠠᠮᠵᠢᠭᠤᠯᠬᠤ ᠬᠡᠷᠡᠭᠲᠡᠶ᠃ ᠣᠯᠠᠨ ᠢᠶᠠᠷ ᠢᠶᠠᠨ ᠬᠦᠷᠢᠶ᠎ᠡ ᠬᠤᠰᠢᠭᠤᠨ ᠤ ᠠᠵᠢᠯ ᠤᠨ ᠬᠢᠯᠠᠰ ᠴᠡᠭ᠂ ᠭᠤᠤᠯᠳᠠᠯᠭ᠎ᠠ ᠲᠠᠢ | ᠲᠥᠷᠥᠯ ᠵᠦᠢᠯ᠂ ᠴᠢᠬᠤᠯᠠ ᠲᠤᠷᠰᠢᠯᠭ᠎ᠠ ᠪᠣᠯᠤᠨ ᠨᠡᠶᠢᠲᠡᠯᠢᠭ ᠰᠦᠪᠡᠭᠴᠢ ᠶᠢ ᠭᠦᠨᠵᠡᠭᠡᠶ ᠠᠭᠤᠳᠠᠯᠵᠤ᠂ ᠬᠦᠷᠢᠶ᠎ᠡ | ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠯᠤᠲᠤ ᠶᠡᠭᠡ | ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠢᠯᠡᠷᠡᠭᠦᠯᠵᠦ᠂ ᠬᠦᠷᠢᠶ᠎ᠡ ᠬᠤᠰᠢᠭᠤ ᠶᠢ ᠬᠠᠪᠰᠤᠷᠤᠨ | ᠭᠠᠳᠠᠭᠠᠳᠤ ᠨᠡᠪᠲᠡᠷᠡᠯᠴᠡᠭᠡ ᠶᠢᠨ ᠬᠥᠭᠦᠷᠭᠡ ᠶᠢ ᠴᠣᠭᠴᠠᠯᠠᠬᠤ ᠶᠢ ᠬᠦᠰᠡᠵᠦ ᠪᠠᠶᠢᠨ᠎ᠠ᠃ ᠭᠤᠣᠯ ᠶᠠᠷᠢᠶ᠎ᠠ ᠬᠡᠯᠡᠯᠴᠡᠭᠡ ᠶᠢ | ᠪᠤᠵᠠᠭᠠᠶᠢᠷᠠᠭᠤᠯᠬᠤ ᠳᠤ ᠬᠦᠴᠦᠨ ᠨᠡᠮᠡᠷᠢᠯᠡᠵᠦ᠂ ᠬᠦᠷᠢᠶ᠎ᠡ ᠶᠢᠨ ᠬᠥᠭᠵᠢᠯᠲᠡ ᠶᠢ ᠨᠡᠩ ᠬᠦᠴᠦᠨ ᠲᠠᠢ ᠪᠣᠯᠭᠠᠬᠤ | ᠬᠡᠷᠡᠭᠲᠡᠢ᠃ ᠣᠯᠠᠨ ᠢᠶᠠᠷ ᠢᠶᠠᠨ ᠵᠠᠭᠤᠴᠢᠯᠠᠭᠤᠷ ᠤᠨ ᠭᠤᠤᠯ ᠬᠦᠴᠦᠨ ᠴᠡᠷᠢᠭ᠂ ᠭᠤᠤᠯ ᠠᠷᠭ᠎ᠠ ᠵᠠᠮ᠂ ᠭᠤᠤᠯ | ᠪᠠᠬᠢᠯᠡᠯᠲᠡ ᠶᠢᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠠᠵᠢᠯ ᠲᠥᠷᠥᠯ ᠤᠨ | ᠲᠤᠤᠱᠯᠠᠭᠤᠯᠵᠤ ᠪᠠᠶᠢᠭ᠎ᠠ ᠰᠢᠨ᠎ᠡ ᠣᠶᠢᠯᠠᠭᠠᠭᠳᠠᠬᠤᠨ᠂ ᠶᠠᠪᠤᠵᠤ ᠪᠠᠶᠢᠭ᠎ᠠ ᠰᠢᠨ᠎ᠡ ᠵᠠᠮ᠂ ᠣᠯᠤᠭᠰᠠᠨ ᠰᠢᠨ᠎ᠡ ᠦᠷ᠎ᠡ | ᠪᠦᠲᠦᠮᠵᠢ ᠶᠢ ᠦᠨᠡᠨ ᠪᠣᠳᠠᠲᠠᠶ᠂ ᠠᠮᠢᠳᠤᠯᠢᠭ ᠲᠤᠰᠬᠠᠵᠤ᠂ ᠬᠦᠷᠢᠶ᠎ᠡ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠢᠲᠡᠭᠡᠯ ᠵᠣᠷᠢᠭ ᠢ ᠬᠥᠪᠴᠢᠯᠡᠬᠦ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ᠂ | ᠠᠷᠠᠳ ᠤᠨ ᠰᠡᠳᠬᠢᠯ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠶᠢ ᠬᠦᠰᠡᠵᠦ | ᠪᠠᠶᠢᠨ᠎ᠠ ᠭᠡᠵᠡᠢ᠃ | ᠬᠤᠷᠠᠯ ᠳᠡᠭᠡᠷ᠎ᠡ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠵᠢᠴᠢ ᠰᠢᠶᠠᠩ | ᠪᠠᠯᠭᠠᠰᠤ ᠰᠤᠮᠤ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠵᠠᠭᠤᠴᠢᠯᠠᠭᠤᠷ ᠤᠨ | ᠰᠤᠷᠪᠤᠯᠵᠢᠯᠠᠭᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ᠂ ᠰᠢᠶᠠᠩ ᠪᠠᠯᠭᠠᠰᠤ ᠰᠤᠮᠤ ︵ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ︶ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | |