3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠮᠠ ᠾᠦᠢ ᠵᠢᠢ ᠴᠢᠩᠭᠠᠳᠬᠠᠭᠰᠠᠨ ᠨᠢ᠂ ᠨᠡᠩ ᠥᠨᠳᠥᠷ ᠵᠣᠭᠰᠣᠴᠠ ᠠᠴᠠ | ᠰᠤᠷᠤᠯᠴᠠᠯᠭ᠎ᠠ ᠶᠢ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠤᠶᠠᠯᠳᠤᠭᠤᠯᠤᠨ᠂ ᠨᠢᠭᠡ ᠴᠣᠭᠴᠠᠵᠢᠭᠤᠯᠤᠨ ᠰᠤᠷᠤᠯᠴᠠᠨ ᠣᠶᠢᠯᠠᠭᠠᠬᠤ᠂ ᠨᠢᠭᠡ ᠴᠤᠭᠴᠠᠵᠢᠭᠤᠯᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠠᠯ ᠦᠭᠡᠢ ᠥᠷᠨᠢᠭᠦᠯᠬᠦ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠲᠦ ᠴᠢᠨᠠᠷ ᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ | ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠶ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠯᠲᠠ ᠶᠢᠨ ᠵᠠᠮ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢ ︽ | ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ︾ ᠣᠷᠭᠢᠯᠤᠮ᠎ᠠ | ᠰᠡᠳᠬᠢᠯᠭᠡ ᠪᠠ ᠠᠵᠢᠯᠯᠠᠭ᠎ᠠ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠦᠷᠢᠶ᠎ᠡ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠨᠠᠩ ᠥᠷᠭᠡᠨ ᠬᠠᠷᠠᠭᠠᠰᠤ ᠠᠴᠠ ᠠᠷᠭ᠎ᠠ ᠪᠣᠳᠣᠯᠭ᠎ᠠ ᠶᠢ ᠲᠥᠯᠦᠪᠵᠢᠭᠦᠯᠬᠦ ᠶᠢ ᠠᠳᠬᠤᠬᠤ ᠬᠡᠷᠡᠭᠲᠡᠶ᠃ ᠡᠯ᠎ᠡ | ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠦᠷᠪᠡᠨ ᠡᠷᠬᠡᠪᠰᠢ︾ | ᠶᠢᠨ ᠲᠣᠳᠣᠷᠬᠠᠢ ᠱᠠᠭᠠᠷᠳᠠᠯᠭ᠎ᠠ ᠪᠣᠯᠤᠨ ︽ᠲᠦᠷᠪᠡᠨ ᠡᠮᠦᠨ᠎ᠡ ᠨᠢ ᠶᠠᠪᠤᠬᠤ︾ ᠶᠢᠨ ᠴᠢᠬᠤᠯᠠ ᠶᠡᠭᠡ ᠡᠭᠦᠷᠭᠡ ᠶᠢ | ᠪᠠᠲᠤ ᠡᠵᠡᠮᠳᠡᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠬᠥᠯᠭᠡ ᠰᠢᠳᠠᠷ᠎ᠠ︾ ᠪᠣᠯᠬᠤ | ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠦᠷᠢᠶ᠎ᠡ ᠶᠢᠨ ᠡᠯ᠎ᠡ ᠵᠦᠢᠯ ᠤᠨ ᠠᠵᠢᠯ ᠢ ᠨᠠᠩ ᠥᠨᠳᠥᠷ ᠪᠠᠶᠢᠷᠢᠰᠢᠯ ᠤᠨ | ᠰᠢᠰᠲ᠋ᠧᠮ ᠳᠡᠭᠡᠷ᠎ᠡ ᠲᠠᠯᠪᠢᠵᠤ ᠲᠥᠯᠥᠪᠵᠢᠭᠦᠯᠦᠨ ᠠᠬᠢᠭᠤᠯᠵᠤ᠂ ᠡᠬᠢ ᠪᠠᠶᠠᠯᠢᠭ ᠢ ᠢᠳᠡᠪᠬᠢᠵᠢᠭᠦᠯᠬᠦ᠂ ᠳᠠᠪᠠᠭᠤᠯᠢᠭ | ᠲᠠᠯ᠎ᠠ ᠶᠢ ᠪᠦᠲᠦᠭᠡᠨ᠂ ᠡᠷᠡᠰ ᠭᠤᠶᠢᠪᠠᠰᠢ ᠦᠭᠡᠢ ︽ᠠᠮᠢ ᠠᠬᠤᠶ ᠶᠢᠨ ᠵᠠᠮ ᠢᠶᠠᠷ ᠵᠠᠮᠨᠠᠨ᠂ ᠲᠠᠷᠢᠶᠠᠯᠠᠩ ᠮᠠᠯ ᠠᠵᠤ | ᠠᠬᠤᠶ ᠶᠢ ᠬᠥᠭᠵᠢᠭᠦᠯᠵᠤ᠂ ᠰᠣᠶᠣᠯ ᠵᠢᠭᠤᠯᠴᠢᠯᠠᠯ ᠤᠨ ᠲᠥᠷᠦᠯ ᠲᠡᠮᠲᠡᠭ ᠢ ᠡᠭᠦᠳᠬᠦ︾ ᠬᠥᠭᠵᠢᠯᠲᠡ ᠶᠢᠨ | ᠰᠡᠳᠬᠢᠴᠡ ᠶᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠬᠦᠷᠢᠶ᠎ᠡ ᠶᠢᠨ ᠣᠨᠴᠠᠯᠢᠭ ᠢ ᠢᠯᠡᠷᠡᠭᠦᠯᠦᠭᠰᠡᠨ | ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠨᠡᠬᠡᠭᠡᠬᠦ ᠬᠡᠷᠡᠭᠲᠡᠢ᠃ | ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠪᠥᠬᠦ | ᠬᠤᠰᠢᠭᠤ ᠪᠠᠷ ᠢᠶᠠᠨ ᠴᠢᠨᠠᠷ ᠰᠠᠶᠢᠲᠠᠶ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢ ᠠᠳᠬᠤᠵᠤ᠂ ᠠᠷᠠᠳ | ᠲᠦᠮᠡᠨ ᠢ ᠳᠡᠭᠡᠳᠦᠯᠡᠬᠦ ᠡᠨᠡ ᠬᠦ ᠦᠨᠳᠦᠰᠦᠨ ᠵᠣᠭᠰᠣᠯᠲᠠ ᠳᠤ ᠪᠠᠲᠤ ᠵᠣᠭᠰᠤᠨ᠂ ᠠᠮᠤᠷ ᠲᠦᠪᠰᠢᠨ | ᠬᠥᠭᠵᠢᠯᠲᠡ ᠶᠢᠨ ᠬᠤᠷᠢᠭ᠎ᠠ ᠤᠯᠠᠭᠠᠨ ᠱᠤᠭᠤᠮ ᠢ ᠪᠠᠲᠤ ᠰᠠᠬᠢᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ | ᠶᠡᠬᠡᠪᠡᠷ ᠪᠠᠳᠠᠷᠠᠭᠤᠯᠬᠤ᠂ ᠪᠡᠶ᠎ᠡ ᠪᠠᠷ ᠢᠶᠠᠨ ᠪᠣᠳᠠᠲᠠᠶ ᠠᠵᠢᠯ ᠬᠢᠬᠦ᠂ ᠪᠣᠳᠠᠲᠠᠶ ᠠᠷᠭ᠎ᠠ ᠭᠠᠷᠭᠠᠵᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠺᠠᠳ᠋ᠷ ᠤᠨ ᠵᠣᠷᠢᠭᠲᠠᠶ ᠪᠠᠷ ᠬᠢᠬᠦ᠂ ᠭᠠᠵᠠᠷ | ᠣᠷᠣᠨ ᠳᠤ ᠵᠣᠷᠢᠭᠲᠠᠶ ᠳᠥᠷᠢᠬᠦ᠂ ᠠᠵᠤ ᠠᠬᠤᠶᠢᠯᠠᠯ ᠵᠣᠷᠢᠭᠲᠠᠶ ᠠᠵᠢᠯᠯᠠᠬᠤ᠂ ᠣᠯᠠᠨ ᠲᠦᠮᠡᠨ ᠵᠣᠷᠢᠭᠲᠠᠶ ᠪᠠᠷ | ᠡᠭᠦᠳᠦᠨ ᠪᠦᠲᠦᠭᠡᠬᠦ︾ ᠥᠳᠬᠡᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠪᠣᠳᠠᠲᠠᠶ ᠶᠢ ᠡᠷᠬᠢᠮᠯᠡᠬᠦ ᠠᠷᠭ᠎ᠠ | ᠬᠡᠮᠵᠢᠶ᠎ᠡ ᠪᠠᠷ ᠨᠢᠭᠡᠳᠦᠭᠡᠷ ᠤᠯᠠᠷᠢᠯ ᠳᠤ ᠬᠦᠭᠵᠢᠭᠡᠨ᠂ ᠬᠤᠶᠠᠳᠤᠭᠠᠷ ᠤᠯᠠᠷᠢᠯ ᠳᠤ ᠲᠡᠮᠡᠴᠡᠵᠦ᠂ ᠭᠤᠷᠪᠠᠨ | ᠤᠯᠠᠷᠢᠯ ᠳᠤ ᠰᠢᠪᠲᠤᠯᠤᠨ᠂ ᠳᠥᠷᠪᠡᠳᠦᠭᠡᠷ ᠤᠯᠠᠷᠢᠯ ᠳᠤ ᠢᠯᠠᠬᠤ ᠶᠢ ᠠᠬᠢᠭᠤᠯᠵᠤ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠡᠯ᠎ᠡ ᠱᠠᠲᠤᠨ ᠤ ᠤᠳᠤᠷᠢᠳᠤᠯᠭ᠎ᠠ ᠨᠠᠷ ᠰᠢᠯᠢ ᠶᠢᠨ ᠭᠤᠤᠯ ᠠᠶᠢᠮᠠᠭ ᠤᠨ ᠠᠯᠪᠠᠨ ᠵᠣᠭᠤᠰ ᠢᠶᠠᠷ ᠲᠣᠭᠠᠴᠠᠭ᠎ᠠ | ᠬᠢᠬᠦ ᠳᠠᠶᠢᠯᠠᠯᠭ᠎ᠠ ᠶᠢᠨ ᠠᠰᠠᠭᠤᠳᠠᠯ ᠠᠴᠠ ᠭᠦᠨᠵᠡᠭᠡᠶ ᠰᠤᠷᠭᠠᠮᠵᠢ ᠠᠪᠴᠤ᠂ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ | ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠬᠡᠰᠡᠭ ᠪᠦᠷᠢᠯᠳᠦᠬᠦᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ | ᠨᠠᠶᠢᠳᠠᠪᠤᠷᠢᠵᠢᠭᠤᠯᠬᠤ ᠵᠢᠴᠢ ᠣᠳᠣᠬᠢᠴᠢᠯᠠᠭᠰᠠᠨ ᠬᠦᠷᠢᠶ᠎ᠡ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ |