2003 ᠣᠨ ᠳᠤ᠂ 26 ᠨᠠᠰᠤᠲᠠᠢ ᠵᠠᠩ ᠵᠢᠩ ᠬᠦᠷᠢᠶ᠎ᠡ ᠬᠤᠰᠢᠭᠤᠨ ᠤ ᠵᠢᠶᠦ᠋ᠨ ᠹᠧᠩ ᠮᠠᠯ ᠠᠵᠤ | ᠠᠬᠤᠢ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠦᠬᠡᠷ ᠬᠤᠨᠢᠨ ᠤ ᠪᠣᠷᠳᠤᠭ᠎ᠠ ᠪᠣᠷᠤᠯᠠᠭᠤᠯᠵᠤ ᠡᠬᠢᠯᠡᠭᠰᠡᠨ | ᠪᠠᠶᠢᠨ᠎ᠠ᠃ ᠬᠤᠷᠢᠨ ᠵᠢᠯ ᠤᠨ ᠲᠤᠷᠰᠢ᠂ ᠵᠠᠩ ᠵᠢᠩ ᠢᠮᠠᠭᠲᠠ ᠦᠨᠡᠨᠴᠢ ᠪᠠᠷ ᠡᠵᠡᠩᠨᠡᠬᠦ ᠶᠢ ᠪᠠᠷᠢᠮᠲᠠᠯᠠᠵᠤ᠂ | ᠢᠲᠡᠭᠡᠵᠢᠮᠲᠦ ᠰᠡᠳᠬᠢᠯ ᠢᠶᠠᠷ ᠢᠶᠠᠨ ᠬᠡᠷᠡᠭᠯᠡᠭᠴᠢᠳ ᠤᠨ ᠦᠨᠡᠨ ᠰᠡᠳᠬᠢᠯ ᠢ ᠣᠯᠵᠤ᠂ ᠢᠲᠡᠭᠡᠯ ᠬᠦᠨᠳᠦ ᠪᠠᠷ ᠢᠶᠠᠨ | ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠤᠯᠪᠠ᠃ ᠣᠳᠣᠬᠠᠨ ᠳᠤ᠂ ᠲᠡᠭᠦᠨ ᠤ ᠡᠵᠡᠩᠨᠡᠵᠦ ᠪᠠᠶᠢᠭ᠎ᠠ ᠺᠣᠮᠫᠠᠨᠢ ᠨᠢ | ᠰᠠᠨᠠᠭᠠᠴᠢᠯᠠᠭ᠎ᠠ ᠠᠴᠠ ᠪᠠᠨ ᠠᠵᠢᠯ ᠲᠥᠷᠥᠯ ᠤᠨ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ | ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠵᠢᠷᠤᠮᠵᠢᠭᠰᠠᠨ ᠬᠥᠭᠵᠢᠯᠲᠡ ᠶᠢ ᠠᠬᠢᠭᠤᠯᠵᠤ | ᠪᠣᠶ᠃ | | | | | ᠬᠠᠪᠤᠷ ᠪᠣᠯ ᠠᠮᠢᠲᠠᠨ ᠤ ᠬᠢᠵᠢᠭ ᠣᠯᠠᠨ ᠡᠭᠦᠰᠳᠡᠭ ᠤᠯᠠᠷᠢᠯ ᠮᠥᠨ᠃ ᠡᠳᠡᠭᠡᠷ ᠡᠳᠦᠷ ᠤᠳ ᠲᠤ᠂ ᠵᠠᠩ ᠵᠢᠩ | ᠺᠣᠮᠫᠠᠨᠢ ᠶᠢᠨ ᠮᠡᠷᠭᠡᠵᠢᠯᠲᠡᠨ ᠢᠶᠠᠨ ᠳᠠᠭᠠᠭᠤᠯᠤᠨ ᠠᠶᠢᠯ ᠲᠣᠰᠬᠤᠨ ᠢᠶᠠᠷ ᠶᠠᠪᠤᠵᠤ᠂ ᠲᠡᠵᠢᠭᠡᠨ ᠦᠷᠡᠵᠢᠭᠦᠯᠬᠦ ᠲᠤᠮᠤ | ᠡᠷᠦᠬᠡ ᠳᠤ ᠠᠮᠢᠳᠠᠨ ᠤ ᠬᠠᠪᠤᠷ ᠤᠨ ᠰᠡᠷᠭᠡᠶᠢᠯᠡᠯᠲᠡ ᠶᠢᠨ ᠮᠡᠷᠭᠡᠵᠢᠯ ᠤᠨ ᠵᠢᠯᠤᠭᠤᠳᠤᠯᠭ᠎ᠠ ᠶᠢ ᠰᠦᠢᠳᠬᠡᠯ ᠬᠤᠷᠢᠶᠠᠬᠤ | ᠦᠭᠡᠢ ᠪᠠᠷ ᠥᠷᠨᠢᠭᠦᠯᠪᠡ᠃ ᠬᠦᠷᠢᠶ᠎ᠡ ᠪᠠᠯᠭᠠᠰᠤᠨ ᠤ ᠡᠮᠦᠨ᠎ᠡ ᠶᠤᠸᠠᠨ ᠪᠦᠦ ᠱᠠᠨ ᠲᠣᠰᠬᠤᠨ ᠤ ᠲᠡᠵᠢᠭᠡᠨ | ᠦᠷᠡᠵᠢᠭᠦᠯᠬᠦ ᠡᠷᠦᠬᠡ ᠼᠠᠢ ᠭᠤᠸᠠᠩ ᠺᠦᠨ ᠦᠬᠡᠷ ᠤᠨ ᠢᠶᠠᠨ ᠬᠡᠯᠡ ᠪᠠᠨ ᠳᠣᠯᠢᠶᠠᠵᠤ ᠪᠠᠶᠢᠬᠤ ᠪᠠᠶᠢᠳᠠᠯ ᠢ ᠣᠯᠵᠤ | ᠮᠡᠳᠡᠭᠡᠳ ᠶᠠᠮᠠᠷ ᠰᠢᠯᠲᠠᠭᠠᠨ ᠠᠴᠠ ᠪᠣᠯᠤᠭᠰᠠᠨ ᠢ ᠮᠡᠳᠡᠬᠦ ᠦᠭᠡᠢ ᠪᠣᠯᠬᠤᠷ ᠵᠢᠶᠦ᠋ᠨ ᠹᠧᠩ ᠮᠠᠯ ᠠᠵᠤ ᠠᠬᠤᠶ ᠶᠢᠨ | ᠬᠢᠵᠠᠭᠠᠷᠲᠤ ᠺᠣᠮᠫᠠᠨᠢ ᠶᠢᠨ ᠮᠡᠷᠭᠡᠵᠢᠯᠲᠡᠨ ᠢ ᠤᠷᠢᠵᠤ ᠪᠠᠶᠢᠴᠠᠭᠠᠯᠭᠠᠭᠠᠳ ᠡᠪᠡᠳᠴᠢᠨ ᠳᠤᠨᠢ ᠲᠠᠭᠠᠷᠠᠭᠤᠯᠵᠤ ᠡᠮᠨᠡᠨ | ᠵᠠᠰᠠᠬᠤ ᠰᠠᠨᠠᠯ ᠢ ᠣᠯᠤᠭᠰᠠᠨ ᠪᠠᠶᠢᠨ᠎ᠠ᠃ | | | | | ᠬᠦᠷᠢᠶ᠎ᠡ ᠬᠤᠰᠢᠭᠤᠨ ᠤ ᠵᠢᠶᠦ᠋ᠨ ᠹᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠮᠡᠷᠭᠡᠵᠢᠯᠲᠡᠨ ᠵᠠᠩ | ᠲᠤᠤ ᠰᠤᠷᠪᠤᠯᠵᠢᠯᠠᠭᠴᠢ ᠳᠤ ︽ᠬᠡᠯᠡ ᠪᠠᠨ ᠳᠣᠯᠢᠶᠠᠬᠤ ᠰᠢᠷᠣᠶ ᠳᠣᠯᠢᠶᠠᠬᠤ ᠪᠣᠷᠳᠤᠭ᠎ᠠ ᠳᠣᠯᠢᠶᠠᠵᠤ ᠪᠠᠶᠢᠬᠤ | ᠦᠵᠡᠭᠳᠡᠯ ᠡᠩ ᠤᠨ ᠦᠭᠡᠨ ᠳᠤ ᠣᠨᠳᠣᠣ ᠢᠳᠡᠭᠡᠨ ᠤ ᠰᠢᠨᠤᠯ ᠭᠡᠳᠡᠭ᠂ ᠡᠨᠡ ᠨᠢ ᠨᠡᠶᠢᠳᠡᠮ ᠳᠡᠭᠡᠨ ᠪᠢᠴᠢᠯ | ᠡᠯᠧᠮᠧᠨ᠋ᠲ ᠳᠤᠲᠠᠭᠳᠠᠭᠰᠠᠨ ᠠᠴᠠ ᠪᠣᠯᠵᠤ᠂ ᠪᠢᠳᠡ ᠲᠡᠵᠢᠭᠡᠬᠦ ᠶᠠᠪᠤᠴᠠ ᠳᠤ ᠡᠶᠢᠮᠦ ᠪᠠᠶᠢᠳᠠᠯ ᠭᠠᠷᠪᠠᠯ ᠪᠢᠴᠢᠯ | ᠡᠯᠧᠮᠧᠨ᠋ᠲ ᠢ ᠨᠡᠮᠡᠵᠦ ᠪᠣᠯᠤᠨ᠎ᠠ ᠭᠡᠳᠡᠭ ᠢ ᠰᠠᠨᠠᠭᠤᠯᠪᠠ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠦᠭᠰᠡᠨ ᠠᠷᠪᠠᠨ | ᠬᠡᠳᠦᠨ ᠵᠢᠯ ᠤᠨ ᠬᠤᠭᠤᠴᠠᠭᠠᠨ ᠳᠤ ᠼᠠᠢ ᠭᠤᠸᠠᠩ ᠺᠦᠨ ᠵᠢᠶᠦ᠋ᠨ ᠹᠧᠩ ᠮᠠᠯ ᠠᠵᠤ ᠠᠬᠤᠶ ᠶᠢᠨ ᠬᠢᠵᠠᠭᠠᠷᠲᠤ | ᠺᠣᠮᠫᠠᠨᠢ ᠶᠢᠨ ᠬᠠᠩᠭᠠᠭᠰᠠᠨ ᠲᠡᠵᠢᠭᠡᠯ ᠪᠣᠷᠳᠤᠭ᠎ᠠ᠂ ᠮᠠᠯ ᠤᠨ ᠡᠮ ᠢ ᠬᠡᠷᠡᠭᠯᠡᠭᠰᠡᠭᠡᠷ ᠢᠷᠡᠵᠡᠶ᠂ ᠲᠡᠵᠢᠭᠡᠨ ᠦᠷᠡᠵᠢᠭᠦᠯᠬᠦ | ᠶᠠᠪᠤᠴᠠ ᠳᠤ ᠬᠦᠴᠢᠷ ᠠᠰᠠᠭᠤᠳᠠᠯ ᠲᠣᠬᠢᠶᠠᠯᠳᠤᠪᠠᠯ ᠲᠡᠷᠡ ᠳᠠᠷᠤᠶ ᠳᠤᠨᠢ ᠵᠠᠩ ᠵᠢᠩ ᠠᠴᠠ ᠠᠰᠠᠭᠤᠨ ᠯᠠᠪᠯᠠᠵᠤ | ᠲᠤᠰᠠᠯᠠᠮᠵᠢ ᠭᠤᠶᠤᠳᠠᠭ ᠪᠠᠶᠢᠯ᠎ᠠ︾ ᠭᠡᠵᠡᠶ᠃ | | | | | ᠼᠠᠢ ᠭᠤᠸᠠᠩ ᠺᠦᠨ ᠰᠤᠷᠪᠤᠯᠵᠢᠯᠠᠭᠴᠢ ᠳᠤ᠄ ︽ᠡᠲᠡᠭᠡᠷ ᠵᠢᠯ ᠤᠳ ᠲᠤ ᠶᠡᠭᠡ ᠰᠠᠶᠢᠨ ᠬᠠᠮᠲᠤᠷᠠᠨ | ᠠᠵᠢᠯᠯᠠᠭᠰᠠᠨ᠂ ᠲᠡᠳᠡᠨ ᠢ ᠶᠡᠭᠡ ᠢᠲᠡᠭᠡᠵᠦ ᠪᠠᠶᠢᠨ᠎ᠠ᠂ ᠵᠢᠱᠢᠶᠡᠯᠡᠪᠡᠯ ᠬᠡᠵᠢᠶ᠎ᠡ ᠮᠠᠲ᠋ᠧᠷᠢᠶᠠᠯ ᠳᠤᠲᠠᠭᠳᠠᠪᠠᠯ ᠨᠢᠭᠡ ᠯᠡ | ᠤᠲᠠᠰᠤᠳᠠᠪᠠᠯ ᠮᠠᠲ᠋ᠧᠷᠢᠶᠠᠯ ᠢ ᠳᠠᠷᠦ᠋ᠢᠬᠠᠨ ᠬᠦᠷᠭᠡᠵᠦ ᠢᠷᠡᠭᠦᠯᠦᠨ᠎ᠡ᠂ ᠶᠡᠷᠦ ᠠᠴᠠ ᠶᠠᠪᠤᠳᠠᠯ ᠳᠤ ᠰᠠᠭᠠᠳ ᠪᠣᠯᠵᠤ | ᠥᠩᠭᠡᠷᠡᠭᠰᠡᠨ ᠥᠬᠡᠶ︾ ᠭᠡᠵᠡᠶ᠃ | | | | | ᠬᠦᠷᠢᠶ᠎ᠡ ᠬᠤᠰᠢᠭᠤᠨ ᠤ ᠵᠢᠶᠦ᠋ᠨ ᠹᠧᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠭᠰᠠᠨ | ᠡᠬᠢᠨ ᠤ ᠦᠶ᠎ᠡ ᠳᠤ᠂ ᠵᠠᠩ ᠵᠢᠩ ᠲᠡᠵᠢᠭᠡᠯ ᠪᠣᠷᠳᠤᠭ᠎ᠠ ᠶᠢ ᠲᠡᠵᠢᠭᠡᠨ ᠦᠷᠡᠵᠢᠭᠦᠯᠬᠦ ᠡᠷᠦᠬᠡ ᠶᠢᠨ ᠡᠭᠦᠳᠡᠨ ᠳᠤ | ᠰᠦᠢᠳᠬᠡᠯ ᠬᠤᠷᠢᠶᠠᠬᠤ ᠦᠭᠡᠢ ᠪᠠᠷ ᠬᠦᠷᠭᠡᠵᠦ ᠪᠠᠶᠢᠪᠠ᠂ ᠤᠯᠠᠨ ᠵᠢᠯ ᠤᠨ ᠲᠤᠷᠰᠢ᠂ ᠡᠶᠢᠮᠦᠷᠬᠦ ᠪᠦᠷᠢᠨ ᠭᠦᠢᠴᠡᠳ | ᠦᠢᠯᠡᠴᠢᠯᠡᠭᠡ ᠨᠢ ᠲᠡᠵᠢᠭᠡᠨ ᠦᠷᠡᠵᠢᠭᠦᠯᠬᠦ ᠡᠷᠦᠬᠡ ᠶᠢᠨ ᠳᠡᠭᠡᠳᠦ ᠬᠡᠮᠵᠢᠶᠡᠨ ᠤ ᠢᠲᠡᠭᠡᠯ ᠢ ᠣᠯᠤᠭᠰᠠᠨ ᠪᠠᠶᠢᠨ᠎ᠠ᠃ | ᠬᠦᠷᠢᠶ᠎ᠡ ᠪᠠᠯᠭᠠᠰᠤᠨ ᠤ ᠠᠭᠤᠯᠠ ᠰᠢᠨ᠎ᠡ ᠲᠣᠰᠬᠤᠨ ᠤ ᠰᠡᠷᠭᠦᠯᠡᠩ 2010 ᠣᠨ ᠠᠴᠠ ᠡᠬᠢᠯᠡᠨ ᠦᠬᠡᠷ ᠲᠡᠵᠢᠭᠡᠵᠦ᠂ | ᠡᠬᠢᠨ ᠳᠡᠭᠡᠨ ᠲᠡᠵᠢᠭᠡᠭᠰᠡᠨ ᠬᠡᠳᠦᠨ ᠦᠬᠡᠷ ᠨᠢ ᠪᠦᠷ ᠨᠤᠲᠤᠭ ᠤᠨ ᠦᠬᠡᠷ ᠪᠠᠶᠢᠵᠤ᠂ ᠰᠠᠶᠢᠨ ᠦᠨ᠎ᠡ ᠪᠠᠷ | ᠬᠤᠳᠠᠯᠳᠤᠵᠤ ᠳᠡᠶᠢᠯᠬᠦ ᠦᠭᠡᠢ ᠪᠠᠶᠢᠪᠠ᠂ ᠰᠡᠭᠦᠯᠡᠷ ᠨᠢ ᠵᠠᠩ ᠵᠢᠩ ᠤᠨ ᠬᠠᠪᠰᠤᠷᠤᠯᠭ᠎ᠠ ᠪᠠᠷ ᠦᠬᠡᠷ ᠤᠨ ᠡᠭᠦᠯᠳᠡᠷ ᠢ | ᠰᠠᠶᠢᠵᠢᠷᠠᠭᠤᠯᠵᠤ᠂ ᠤᠳᠤ ᠨᠢᠭᠡᠨᠲᠡ 100 ᠭᠠᠷᠤᠢ ᠦᠬᠡᠷ ᠪᠣᠯᠤᠨ ᠬᠦᠭᠵᠢᠵᠦ᠂ ᠰᠡᠷᠭᠦᠯᠡᠩ ᠴᠦ ᠲᠣᠰᠬᠤᠨ ᠤ | ᠪᠠᠶᠠᠵᠢᠯ ᠤᠨ ᠴᠢᠳᠠᠪᠤᠷᠢᠲᠠᠨ ᠪᠣᠯᠵᠠᠢ᠃ | | | | | ᠰᠡᠷᠭᠦᠯᠡᠩ ᠰᠤᠷᠪᠤᠯᠵᠢᠯᠠᠭᠴᠢ ᠳᠤ᠄ ︽ᠦᠬᠡᠷ ᠲᠡᠵᠢᠭᠡᠬᠦ ᠲᠠᠯ᠎ᠠ ᠪᠠᠷ ᠥᠪᠡᠷ ᠢᠶᠠᠨ ᠰᠢᠢᠳᠪᠦᠷᠢᠯᠡᠵᠦ ᠳᠡᠶᠢᠯᠬᠦ | ᠥᠬᠡᠶ ᠬᠦᠴᠢᠷ ᠠᠰᠠᠭᠤᠳᠠᠯ ᠲᠤᠯᠭᠠᠷᠠᠪᠠᠯ ᠵᠠᠩ ᠵᠢᠩ ᠡᠭᠡᠴᠢ ᠠᠴᠠ ᠠᠰᠠᠭᠤᠨ ᠯᠠᠪᠯᠠᠵᠤ ᠶᠠᠷᠢᠯᠴᠠᠳᠠᠭ᠂ ᠵᠢᠱᠢᠶᠡᠯᠡᠪᠡᠯ | ᠦᠬᠡᠷ ᠲᠡᠵᠢᠭᠡᠨ ᠠᠷᠠᠴᠢᠯᠠᠬᠤ᠂ ᠬᠢᠵᠢᠭ ᠢ ᠰᠡᠷᠭᠡᠶᠢᠯᠡᠬᠦ᠂ ᠲᠡᠵᠢᠭᠡᠨ ᠦᠷᠡᠵᠢᠭᠦᠯᠬᠦ ᠮᠡᠷᠭᠡᠵᠢᠯ᠂ ᠲᠡᠵᠢᠭᠡᠨ | ᠦᠷᠡᠵᠢᠭᠦᠯᠬᠦ ᠵᠢᠯᠣᠭᠤᠳᠣᠯᠭ᠎ᠠ ᠬᠢᠯᠭᠡᠳᠡᠭ︾ ᠭᠡᠵᠡᠶ᠃ | | | | | ᠬᠤᠷᠢᠨ ᠵᠢᠯ ᠤᠨ ᠲᠤᠷᠰᠢ᠂ ᠰᠡᠷᠭᠦᠯᠡᠩ ᠲᠤ ᠬᠠᠨᠲᠤᠭᠰᠠᠨ ᠠᠳᠠᠯᠢ ᠪᠠᠷ᠂ ᠵᠠᠩ ᠵᠢᠩ ᠳᠤ ᠨᠢᠭᠡ ᠳᠤ ᠨᠢᠭᠡ ᠪᠠᠷ | ᠳᠡᠳᠭᠦᠭᠰᠡᠨ ᠶᠠᠳᠠᠭᠤ ᠬᠦᠴᠢᠷᠳᠡᠯᠲᠡᠶ ᠡᠮᠡᠭᠲᠡᠶᠢᠴᠦᠳ 300 ᠭᠠᠷᠤᠶ ᠪᠠᠶᠢᠵᠤ᠂ ᠲᠠᠳᠠ ᠴᠥᠮ ᠲᠡᠵᠢᠭᠡᠨ | ᠦᠷᠡᠵᠢᠭᠦᠯᠬᠦ ᠳᠤ ᠲᠦᠰᠢᠭᠯᠡᠨ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠭᠰᠠᠨ ᠪᠠᠶᠢᠨ᠎ᠠ᠃ ᠵᠠᠩ ᠵᠢᠩ ᠤᠨ | ᠺᠣᠮᠫᠠᠨᠢ ᠨᠢ ᠪᠠᠰᠠ ᠠᠵᠢᠯ ᠤᠨ ᠪᠠᠶᠢᠷᠢ ᠬᠠᠩᠭᠠᠵᠤ᠂ ᠬᠦᠰᠡᠯ ᠡᠷᠡᠮᠡᠯᠵᠡᠯ ᠲᠠᠢ ᠵᠠᠯᠠᠭᠤᠴᠤᠳ ᠢ ᠬᠡᠷ ᠤᠨ | ᠡᠭᠦᠳᠡᠨ ᠳᠤᠨᠢ ᠲᠣᠭᠲᠠᠪᠤᠷᠢᠲᠠᠶ ᠠᠵᠢᠯ ᠣᠯᠭᠤᠭᠰᠠᠨ ᠪᠠᠶᠢᠨ᠎ᠠ᠃ ᠪᠠᠶᠠᠯᠢᠭ ᠪᠣᠯ ᠬᠦᠷᠢᠶ᠎ᠡ ᠪᠠᠯᠭᠠᠰᠤ ᠶᠢᠨ ᠬᠠᠷᠠᠭᠤᠤ | ᠭᠠᠴᠠᠭ᠎ᠠ ᠳᠤ ᠰᠠᠭᠤᠳᠠᠭ᠂ 2021 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ | ᠲᠡᠭᠦᠰᠦᠭᠰᠡᠨ ᠤ ᠳᠠᠷᠠᠭ᠎ᠠ ᠵᠠᠩ ᠵᠢᠩ ᠤᠨ ᠺᠣᠮᠫᠠᠨᠢ ᠳᠤ ᠢᠷᠡᠵᠦ ᠠᠵᠢᠯᠯᠠᠵᠠᠢ᠃ | | | ᠪᠠᠶᠠᠯᠢᠭ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠡᠨᠡ ᠠᠵᠢᠯ ᠨᠢ ᠮᠢᠨᠦ ᠰᠣᠷᠣᠭᠰᠠᠨ ᠲᠤᠰᠬᠠᠶ ᠮᠡᠷᠭᠡᠵᠢᠯ ᠤᠨ | ᠠᠵᠢᠯ ᠲᠥᠷᠦᠯ ᠳᠤ ᠲᠣᠬᠢᠷᠠᠭᠰᠠᠨ᠂ ᠬᠡᠷ ᠠᠴᠠ ᠣᠶᠢᠷ᠎ᠠ᠂ ᠪᠠᠰᠠ ᠬᠤᠶᠠᠷ ᠨᠠᠰᠤᠲᠠᠨ ᠢᠶᠠᠨ ᠬᠠᠷᠠᠭᠠᠯᠵᠠᠵᠤ | ᠲᠠᠶᠢᠯᠤᠨ᠎ᠠ᠂ ᠡᠨᠡ ᠬᠦ ᠠᠵᠢᠯ ᠤᠨ ᠬᠠᠷᠠᠭᠠᠯᠵᠠᠯ ᠨᠢ ᠴᠦ ᠰᠠᠶᠢᠨ᠂ ᠴᠠᠯᠢᠩ ᠨᠢ ᠴᠦ ᠪᠣᠯᠤᠨ᠎ᠠ︾ ᠭᠡᠵᠡᠶ᠃ | | | | | ᠣᠯᠠᠨ ᠵᠢᠯ ᠤᠨ ᠲᠤᠷᠰᠢ᠂ ᠵᠠᠩ ᠵᠢᠩ ᠪᠠᠰᠠ ︽ᠠᠵᠤ ᠠᠬᠤᠶᠢᠯᠠᠯ + ᠲᠡᠵᠢᠭᠡᠨ ᠦᠷᠡᠵᠢᠭᠦᠯᠬᠦ ᠬᠤᠷᠰᠢᠶ᠎ᠠ + | ᠲᠡᠵᠢᠭᠡᠨ ᠦᠷᠡᠵᠢᠭᠦᠯᠬᠦ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠬᠦᠷᠢᠶ᠎ᠡ ᠪᠠᠯᠭᠠᠰᠤ ᠶᠢᠨ ᠬᠠᠲᠠᠭᠤᠲᠠᠯᠠ ᠭᠠᠴᠠᠭ᠎ᠠ᠂ ᠶᠠᠩᠰᠢᠪ ᠭᠠᠴᠠᠭ᠎ᠠ᠂ ᠬᠠᠷᠠᠭᠤᠤ ᠲᠣᠰᠬᠤᠨ᠂ ᠮᠠᠩᠬᠠᠨ | ᠰᠤᠮᠤ ᠶᠢᠨ ᠨᠠᠷᠢᠨᠲᠠᠯ᠎ᠠ ᠭᠠᠴᠠᠭ᠎ᠠ ᠪᠠ ᠯᠢᠦ ᠵᠢᠶᠠᠽᠢ ᠪᠠᠯᠭᠠᠰᠤ ᠶᠢᠨ ᠪᠠᠭ᠎ᠠ ᠨᠠᠨ ᠵᠢᠩ ᠸᠠ ᠲᠣᠰᠬᠤᠨ ᠳᠤ ᠲᠡᠵᠢᠭᠡᠨ | ᠦᠷᠡᠵᠢᠭᠦᠯᠬᠦ ᠲᠤᠰᠬᠠᠶ ᠬᠤᠷᠰᠢᠶ᠎ᠠ ᠪᠠ ᠲᠡᠵᠢᠭᠡᠨ ᠦᠷᠡᠵᠢᠭᠦᠯᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ | ᠲᠤᠬᠠᠶ ᠶᠢᠨ ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠳᠤ ᠰᠦᠢᠳᠭᠡᠯ ᠬᠤᠷᠢᠶᠠᠬᠤ ᠥᠬᠡᠶ ᠪᠠᠷ ᠮᠡᠷᠭᠡᠵᠢᠯ ᠤᠨ | ᠵᠢᠯᠣᠭᠤᠳᠣᠯᠭ᠎ᠠ᠂ ᠠᠯᠠᠰᠢᠨ ᠦᠬᠡᠷ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠦᠢᠯᠡᠴᠢᠯᠡᠭᠡ | ᠬᠠᠩᠭᠠᠭᠰᠠᠨ ᠪᠠᠶᠢᠨ᠎ᠠ᠃ ᠡᠭᠦᠨ ᠤ ᠬᠠᠮᠲᠤ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠠᠷᠭ᠎ᠠ ᠪᠠᠷ | ᠲᠡᠵᠢᠭᠡᠨ ᠦᠷᠡᠵᠢᠭᠦᠯᠬᠦ ᠡᠷᠦᠬᠡ ᠳᠤ ᠦᠨ᠎ᠡ ᠲᠥᠯᠥᠪᠦᠷᠢ ᠥᠬᠡᠶ ᠪᠠᠷ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ | ᠨᠡᠶᠢᠲᠡ 9.8 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠪᠥᠬᠦ ᠬᠤᠰᠢᠭᠤᠨ ᠤ 920 ᠡᠷᠦᠬᠡ ᠶᠢ ᠠᠯᠠᠰᠢᠨ | ᠦᠬᠡᠷ ᠲᠡᠵᠢᠭᠡᠨ ᠦᠷᠡᠵᠢᠭᠦᠯᠬᠦ ᠠᠵᠢᠯ ᠲᠥᠷᠥᠯ ᠳᠤ ᠳᠠᠶᠢᠴᠢᠯᠠᠨ ᠣᠷᠣᠯᠴᠠᠭᠤᠯᠵᠠᠶ᠃ ᠵᠠᠩ ᠵᠢᠩ ᠪᠠᠰᠠ 200 | ᠭᠠᠷᠤᠢ ᠠᠵᠢᠯ ᠦᠭᠡᠢ ᠬᠥᠮᠦᠰ ᠢ ᠬᠠᠪᠰᠤᠷᠤᠨ ᠲᠡᠵᠢᠭᠡᠯ ᠪᠣᠷᠳᠤᠭ᠎ᠠ ᠪᠣᠷᠣᠯᠠᠭᠤᠯᠬᠤ ᠪᠠ ᠠᠯᠠᠰᠢᠨ ᠦᠬᠡᠷ ᠲᠡᠵᠢᠭᠡᠨ | ᠦᠷᠡᠵᠢᠭᠦᠯᠬᠦ ᠠᠵᠢᠯ ᠲᠦᠷᠦᠯ ᠢ ᠡᠷᠬᠢᠯᠡᠭᠦᠯᠵᠦ᠂ ᠤᠷᠢᠳ ᠬᠤᠵᠢᠳ 20 ᠭᠠᠷᠤᠢ ᠠᠵᠢᠯ ᠤᠨ ᠪᠠᠶᠢᠷᠢ ᠠᠴᠠ | ᠪᠠᠭᠤᠭᠰᠠᠨ ᠠᠵᠢᠯᠳᠠᠨ ᠠᠵᠢᠯᠴᠢᠨ ᠪᠠ ᠶᠠᠳᠠᠭᠤ ᠬᠦᠴᠢᠷᠳᠡᠯᠲᠡᠢ ᠬᠥᠮᠦᠰ ᠲᠤ ᠲᠠᠬᠢᠨ ᠠᠵᠢᠯ ᠣᠯᠭᠤᠭᠰᠠᠨ ᠪᠠᠶᠢᠨ᠎ᠠ᠃ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠵᠤ᠂ 32 ᠶᠠᠳᠠᠭᠤ ᠬᠦᠴᠢᠷᠳᠡᠯᠲᠡᠢ ᠰᠤᠷᠤᠭᠴᠢᠳ ᠲᠤ | ᠨᠡᠶᠢᠳᠡ 35 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ ᠰᠢᠨ᠎ᠡ ᠲᠢᠲᠢᠮᠯᠢᠭ ᠸᠢᠷᠦ᠋ᠰ ᠪᠣᠯᠤᠨ ᠴᠠᠰᠤᠨ | ᠭᠠᠮᠰᠢᠭ ᠢ ᠡᠰᠡᠷᠭᠦᠴᠡᠬᠦ ᠰᠠᠶᠢᠨ ᠳᠤᠷ᠎ᠠ ᠶᠢᠨ ᠠᠵᠢᠯᠯᠠᠭ᠎ᠠ ᠳᠤᠮᠳᠠ᠂ ᠦᠨ᠎ᠡ ᠲᠥᠯᠥᠪᠦᠷᠢ ᠦᠭᠡᠢ ᠪᠠᠷ ᠵᠣᠭᠤᠰ | ᠮᠥᠩᠭᠦ ᠡᠳ᠋ ᠪᠣᠳᠠᠰ ᠬᠠᠨᠳᠢᠪᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠶᠠᠪᠤᠴᠠ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ | ᠡᠷᠭᠦᠵᠦ᠂ ᠵᠠᠩ ᠵᠢᠩ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠵᠤ ᠠᠬᠤᠶᠢᠯᠠᠯ ᠤᠨ | ᠡᠵᠡᠩᠨᠡᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠡᠢ᠃ ᠲᠡᠷᠡ ᠤᠷᠢᠳ ᠬᠤᠵᠢᠳ ᠬᠦᠷᠢᠶ᠎ᠡ | ᠬᠤᠰᠢᠭᠤᠨ ᠤ ᠠᠷᠪᠠᠨ ᠵᠢᠷᠭᠤᠳᠤᠭᠠᠷ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠠ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠤᠩᠭᠤᠭᠳᠠᠭᠰᠠᠨ ᠪᠠᠶᠢᠨ᠎ᠠ᠃ | | | | | ᠵᠠᠩ ᠵᠢᠩ ᠰᠤᠷᠪᠤᠯᠵᠢᠯᠠᠭᠴᠢ ᠳᠤ᠄ ︽ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠲᠡᠵᠢᠭᠡᠨ ᠦᠷᠡᠵᠢᠭᠦᠯᠬᠦ | ᠡᠷᠦᠬᠡ ᠳᠤ ᠬᠠᠮᠤᠭ ᠤᠨ ᠶᠡᠭᠡ ᠠᠰᠢᠭ ᠣᠯᠭᠤᠵᠤ᠂ ᠪᠣᠷᠳᠤᠭ᠎ᠠ ᠶᠢ ᠥᠨᠳᠥᠷ ᠪᠠᠷᠢᠮᠵᠢᠶ᠎ᠠ ᠪᠠᠷ ᠨᠠᠷᠢᠯᠢᠭ | ᠲᠣᠬᠢᠷᠠᠭᠤᠯᠬᠤ ᠪᠠ ᠲᠣᠬᠢᠷᠠᠭᠤᠯᠤᠨ ᠬᠦᠷᠭᠡᠬᠦ᠂ ᠲᠡᠵᠢᠭᠡᠪᠦᠷᠢ ᠶᠢᠨ ᠮᠡᠷᠭᠡᠵᠢᠯ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠪᠠ ᠡᠮᠨᠡᠨ ᠵᠠᠰᠠᠬᠤ ᠵᠡᠷᠭᠡ ᠦᠢᠯᠡᠴᠢᠯᠡᠭᠡ ᠶᠢ ᠰᠠᠶᠢᠲᠤᠷ ᠬᠢᠵᠦ᠂ ᠨᠠᠩ ᠣᠯᠠᠨ ᠣᠯᠠᠨ | ᠲᠦᠮᠡᠨ ᠢ ᠳᠠᠶᠢᠴᠢᠯᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠡᠳᠡᠨ ᠢ ᠬᠠᠪᠰᠤᠷᠤᠨ ᠬᠠᠮᠲᠤ ᠪᠠᠷ | ᠪᠠᠶᠠᠵᠢᠨ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ︾ ᠭᠡᠵᠡᠶ᠃ | | |