ᠣᠶᠢᠷ᠎ᠠ ᠳᠤ᠂ ᠬᠦᠷᠢᠶ᠎ᠡ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ | ᠨᠢᠭᠡᠳᠦᠭᠡᠷ ᠤᠯᠠᠷᠢᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ︽ᠮᠥᠷᠦ᠋ᠢᠴᠡᠭᠡᠨ︾ ᠤ ᠠᠵᠢᠯᠯᠠᠭ᠎ᠠ | ᠥᠷᠨᠢᠭᠦᠯᠵᠦ᠂ ᠪᠥᠬᠦ ᠬᠤᠰᠢᠭᠤᠨ ᠤ 41 ᠲᠢᠩᠬᠢᠮ ᠳᠤ ᠰᠠᠭᠤᠭ᠎ᠠ ᠨᠢᠭᠡᠴᠡ ᠶᠢᠨ 69 ᠴᠤᠩᠬᠤᠪᠴᠢ ᠶᠢᠨ | ᠦᠢᠯᠡᠴᠢᠯᠡᠭᠡᠨ ᠤ ᠠᠵᠢᠯᠲᠠᠨ ᠠᠵᠢᠯᠯᠠᠭ᠎ᠠ ᠳᠤ ᠣᠷᠣᠯᠴᠠᠵᠠᠢ᠃ | ᠲᠣᠰ ᠤᠳᠠᠭᠠᠨ ᠤ ︽ᠮᠥᠷᠦ᠋ᠢᠴᠡᠭᠡᠨ︾ ᠤ ᠠᠵᠢᠯᠯᠠᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠯᠭᠡ | ᠪᠠ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠭᠤᠣᠯᠳᠠᠯᠭ᠎ᠠ | ᠪᠣᠯᠭᠠᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠪᠠ ᠰᠤᠷᠢᠯᠲᠠ ᠭᠡᠵᠦ ᠬᠤᠶᠠᠷ ᠭᠤᠭᠴᠤᠭ᠎ᠠ | ᠬᠤᠪᠢᠶᠠᠵᠤ ᠥᠷᠨᠢᠭᠦᠯᠵᠡᠢ᠃ ᠪᠣᠯᠪᠠᠰᠤᠷᠠᠯ ᠤᠨ ᠱᠠᠲᠤᠨ ᠳᠤ᠂ ᠲᠤᠰᠬᠠᠶᠢᠯᠠᠨ ᠲᠦᠩᠯᠢᠶᠣᠣ ᠬᠤᠲᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠴᠧᠨ ᠭᠤᠸᠠᠩ ᠢ ᠤᠷᠢᠵᠤ ᠶᠣᠰᠣᠯᠠᠯ ᠤᠨ | ᠪᠣᠯᠪᠠᠰᠤᠷᠠᠯ ᠬᠢᠯᠭᠡᠵᠦ᠂ ᠬᠤᠰᠢᠭᠤᠨ ᠤ ᠡᠯ᠎ᠡ ᠲᠢᠩᠬᠢᠮ ᠳᠤ ᠰᠠᠭᠤᠭ᠎ᠠ ᠨᠢᠭᠡᠴᠡ ᠶᠢᠨ ᠴᠤᠩᠬᠤᠪᠴᠢ ᠶᠢᠨ | ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠢ ᠤᠷᠢᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠥᠨᠳᠥᠷ | ᠳᠠᠪᠲᠠᠮᠵᠢᠲᠤ ᠬᠡᠷᠡᠭ ᠶᠠᠪᠤᠳᠠᠯ ᠢ ᠭᠦᠢᠴᠡᠳᠬᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠯᠭᠡ ᠶᠢᠨ | ᠲᠠᠯ᠎ᠠ ᠪᠠᠷ ᠪᠣᠯᠪᠠᠰᠤᠷᠠᠭᠤᠯᠤᠯ ᠦᠷᠨᠢᠭᠦᠯᠪᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ︽ᠣᠨᠣᠯ᠂ | ᠲᠤᠬᠠᠶᠢᠯᠠᠭᠰᠠᠨ ᠠᠵᠢᠯ︾ ᠤᠨ ᠬᠡᠯᠪᠡᠷᠢ ᠪᠠᠷ ︽ᠮᠥᠷᠦ᠋ᠢᠴᠡᠭᠡᠨ︾ ᠤ ᠰᠤᠷᠢᠯᠲᠠ ᠥᠷᠨᠢᠭᠦᠯᠵᠦ᠂ ᠰᠤᠷᠢᠯᠲᠠ᠂ | ᠰᠣᠨᠢᠷᠬᠠᠯᠳᠤ ᠠᠰᠠᠭᠤᠯᠲᠠ ᠬᠠᠷᠢᠭᠤᠯᠲᠠ ᠭᠡᠵᠦ ᠬᠤᠶᠠᠷ ᠭᠤᠭᠴᠤᠭ᠎ᠠ ᠬᠤᠪᠢᠶᠠᠵᠤ ᠥᠷᠨᠢᠭᠦᠯᠵᠡᠢ᠃ ᠰᠣᠨᠢᠷᠬᠠᠯᠳᠤ | ᠠᠰᠠᠭᠤᠯᠲᠠ ᠬᠠᠷᠢᠭᠤᠯᠲᠠ ᠶᠢᠨ ᠳᠤᠮᠳᠠ᠂ ᠵᠠᠪᠳᠤᠨ ᠬᠠᠷᠢᠭᠤᠯᠬᠤ ᠪᠠ ᠰᠢᠪᠠᠭ᠎ᠠ ᠰᠤᠭᠤᠯᠵᠤ ᠬᠠᠷᠢᠭᠤᠯᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ | ᠮᠡᠳᠡᠯᠭᠡ ᠶᠢ ᠳᠠᠬᠢᠨ ᠰᠤᠷᠤᠯᠴᠠᠭᠤᠯᠵᠤ ᠪᠣᠯᠪᠠᠰᠤᠷᠠᠭᠤᠯᠪᠠ᠃ ︽ᠮᠥᠷᠦ᠋ᠢᠴᠡᠭᠡᠨ︾ ᠤ ᠠᠵᠢᠯᠯᠠᠭ᠎ᠠ ᠪᠠᠷ | ᠳᠠᠮᠵᠢᠭᠤᠯᠤᠨ᠂ ᠴᠤᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠳᠠᠭᠠᠨ ᠰᠢᠮᠳᠠᠬᠤ᠂ ᠮᠡᠷᠭᠡᠵᠢᠯ | ᠴᠢᠳᠠᠪᠤᠷᠢ ᠪᠠᠨ ᠪᠣᠯᠪᠠᠰᠤᠷᠠᠭᠤᠯᠬᠤ᠂ ᠦᠢᠯᠡᠴᠢᠯᠡᠭᠡ ᠪᠠᠨ ᠴᠢᠩᠭᠠᠳᠬᠠᠬᠤ ᠬᠠᠯᠠᠭᠤᠨ ᠰᠡᠳᠬᠢᠯᠭᠡ ᠪᠠ ᠢᠳᠡᠪᠬᠢᠵᠢᠯ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠣᠯ ᠤᠨ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠦᠢᠯᠡᠴᠢᠯᠡᠭᠡᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃ |