︽ᠰᠠᠭᠠᠭ ᠤᠨ ᠴᠡᠴᠡᠭ ᠳᠡᠯᠭᠡᠷᠡᠭᠰᠡᠨ ᠨᠢ︾ ᠲᠦᠩᠯᠢᠶᠣᠤ ᠬᠤᠲᠠ ᠶᠢᠨ ᠯᠢᠶᠣᠤ ᠾᠧ ᠲᠢᠶᠠᠲᠷ ᠲᠤ ᠭᠤᠶᠢᠳᠠ ᠰᠠᠶᠢᠬᠠᠨ ᠲᠣᠭᠯᠠᠬᠤ ᠶᠢ ᠤᠷᠢᠳᠴᠢᠯᠠᠨ ᠮᠡᠳᠡᠭᠳᠡᠶ᠎ᠡ︕
ᠨᠡᠶᠢᠲᠡᠯᠡᠭᠰᠡᠨ ᠴᠠᠭ᠄
2023/3/30
    ᠬᠤᠶᠠᠷᠬᠠᠨ ᠡᠳᠦᠷ ᠪᠠᠶᠢᠨ᠎ᠠ︕    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠬᠤᠷᠢᠶ᠎ᠠ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠦᠷᠢᠶ᠎ᠡ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠭᠰᠡᠨ ᠲᠣᠮᠣ ᠬᠡᠯᠪᠡᠷᠢ ᠶᠢᠨ ᠳᠠᠭᠤᠤ ᠪᠥᠵᠢᠭᠲᠦ ᠵᠦᠴᠦᠭᠡ ︽ᠰᠠᠭᠠᠭ ᠤᠨ ᠴᠡᠴᠡᠭ ᠳᠡᠯᠭᠡᠷᠡᠭᠰᠡᠨ ᠨᠢ︾ ᠲᠦᠩᠯᠢᠶᠣᠤ ᠬᠤᠲᠠ ᠶᠢᠨ ᠯᠢᠶᠣᠤ ᠾᠧ ᠵᠦᠴᠦᠭᠡ ᠶᠢᠨ ᠬᠦᠷᠢᠶᠡᠯᠡᠩ ᠳᠤ ᠭᠤᠴᠣ ᠰᠠᠶᠢᠬᠠᠨ ᠲᠣᠭᠯᠠᠬᠤ ᠪᠠᠷ  ᠪᠣᠯᠤᠯ᠎ᠠ︕ ᠡᠨᠡᠨᠬᠦ ᠦᠪᠡᠳᠡᠭᠰᠢ ᠳᠠᠶᠢᠯᠠᠯᠭ᠎ᠠ ᠶᠢ ᠪᠠᠭ᠋ᠠᠲᠤᠨ ᠰᠣᠨᠢᠷᠬᠠᠭᠠᠷᠠᠢ︕    ᠲᠣᠭᠯᠠᠯᠲᠠ ᠶᠢᠨ ᠴᠠᠭ᠄    2023 ᠣᠨ ᠤ 3 ᠰᠠᠷ᠎ᠠ ᠶᠢᠨ 31 ᠤ ᠡᠳᠦᠷ ᠤᠨ 19᠄ 00    2023 ᠣᠨ ᠤ 4 ᠰᠠᠷ᠎ᠠ ᠶᠢᠨ 1 ᠤ ᠡᠳᠦᠷ ᠤᠨ 15᠄ 00    ᠲᠣᠭᠯᠠᠯᠲᠠ ᠶᠢᠨ ᠬᠠᠶ᠋ᠢᠭ᠄    ᠯᠢᠶᠣᠤ ᠾᠧ ᠵᠦᠴᠦᠭᠡ ᠶᠢᠨ ᠬᠦᠷᠢᠶᠡᠯᠡᠩ    ᠪᠢᠯᠧᠲ ᠠᠪᠬᠤ ᠴᠠᠭ᠄    3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ 10᠄ 00 — 12᠄ 00    ᠦᠳᠡ ᠶᠢᠨ ᠬᠤᠶᠢᠨᠠᠬᠢ 2᠄ 30 — 5᠄ 30    ᠪᠢᠯᠧᠲ ᠠᠪᠬᠤ ᠭᠠᠵᠠᠷ᠄ ᠲᠦᠩᠯᠢᠶᠣᠤ ᠬᠤᠲᠠ ᠶᠢᠨ ᠬᠤᠣᠯᠢᠨ ᠭᠤᠤᠯ ᠶᠡᠭᠡ ᠵᠡᠭᠡᠯᠢ ᠶᠢᠨ ᠳᠤᠮᠳᠠ ᠬᠡᠰᠡᠭ ᠲᠦᠩᠯᠢᠶᠣᠤ ᠬᠤᠲᠠ ᠶᠢᠨ ᠰᠣᠶᠣᠯ ᠤᠨ ᠣᠷᠳᠣᠨ ︵ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠡᠰᠡᠷᠭᠦ ᠲᠠᠯ᠎ᠠ︶    ᠬᠠᠷᠢᠯᠴᠠᠬᠤ ᠬᠥᠮᠦᠨ᠄ ᠰᠢᠤᠢ ᠰᠢᠨ ᠶᠤᠸᠠᠢ    ᠬᠠᠷᠢᠯᠴᠠᠬᠤ ᠤᠲᠠᠰᠤ᠄ 18042683728     ︽ᠰᠠᠭᠠᠭ ᠤᠨ ᠴᠡᠴᠡᠭ ᠳᠡᠯᠭᠡᠷᠡᠭᠰᠡᠨ ᠨᠢ︾ ᠭᠡᠬᠦ ᠳᠠᠭᠤᠤ ᠪᠥᠵᠢᠭᠲᠦ ᠵᠦᠴᠦᠭᠡ ᠨᠢ ᠥᠴᠦᠬᠡᠨ ᠬᠥᠮᠦᠨ ᠢᠶᠠᠷ ᠳᠡᠮᠵᠢᠨ ᠶᠡᠭᠡ ᠴᠠᠭ ᠦᠶ᠎ᠡ ᠶᠢ ᠲᠤᠰᠬᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠴᠢᠩ ᠦᠨᠡᠨᠴᠢ ᠪᠠᠷ ᠰᠡᠳᠬᠢᠯ ᠲᠠᠯᠪᠢᠵᠤ᠂ ᠬᠤᠪᠢ ᠵᠠᠶᠠᠭ᠎ᠠ ᠶᠢ ᠨᠠᠷᠢᠨ ᠨᠢᠮᠪᠠᠶ ᠠᠵᠢᠭᠯᠠᠨ ᠰᠢᠨᠵᠢᠵᠦ᠂ ᠬᠥᠮᠦᠰ ᠤᠨ ᠳᠣᠲᠣᠭᠠᠳᠤ ᠰᠡᠳᠬᠢᠯ ᠤᠨ ᠥᠩᠭᠡᠷᠡᠯᠲᠡ ᠶᠢ ᠤᠶᠢᠯᠠᠭᠠᠨ ᠥᠷᠥ ᠡᠪᠡᠳᠬᠦ ᠰᠡᠳᠭᠢᠯ ᠤᠨ ᠪᠢᠯᠬᠠᠮ᠎ᠠ ᠪᠠᠶᠢᠬᠤ ᠶᠢ ᠬᠠᠷᠠᠭᠤᠯᠤᠭᠰᠠᠨ ᠪᠠᠶᠢᠨ᠎ᠠ᠃ ᠲᠤᠰ ᠵᠦᠴᠦᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠭᠤᠣᠯ ᠪᠠᠭᠠᠲᠤᠷ ᠬᠥᠬᠡ ᠪᠣᠯᠤᠨ ᠲᠡᠭᠦᠨ ᠤ ᠥᠬᠢᠨ ᠳᠡᠭᠦᠦ ᠴᠡᠯᠡᠭᠡᠷ ᠤᠨ ᠠᠮᠢᠳᠤᠷᠠᠯ ᠤᠨ ᠥᠩᠭᠡᠷᠡᠯᠲᠡ ᠪᠠᠷ ᠳᠠᠮᠵᠢᠭᠤᠯᠤᠨ᠂ ᠴᠠᠭ ᠦᠶ᠎ᠡ ᠶᠢᠨ ᠬᠤᠪᠢᠷᠠᠯᠲᠠ᠂ ᠨᠡᠶᠢᠭᠡᠮ ᠤᠨ ᠬᠥᠭᠵᠢᠯᠲᠡ ᠶᠢ ᠲᠤᠰᠬᠠᠵᠠᠶ᠃ ᠨᠠᠮ ᠪᠠ ᠤᠯᠤᠰ ᠤᠨ ᠤᠷᠢᠶᠠᠯᠠᠭ᠎ᠠ ᠪᠠᠷ᠂ ᠪᠠᠶᠠᠨᠮᠥᠩᠬᠡ ᠪᠠᠷ ᠲᠥᠯᠥᠭᠡᠯᠡᠭᠦᠯᠦᠭᠰᠡᠨ ᠬᠦᠷᠢᠶ᠎ᠡ ᠬᠤᠰᠢᠭᠤᠨ ᠤ ᠦᠶ᠎ᠡ ᠦᠶ᠎ᠡ ᠶᠢᠨ ᠤᠳᠤᠷᠢᠳᠬᠤ ᠬᠥᠮᠦᠰ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠰᠡᠳᠬᠢᠯ ᠨᠢᠭᠡᠳᠦᠨ ᠬᠦᠴᠦ ᠬᠠᠮᠲᠤᠳᠬᠠᠵᠤ᠂ ᠨᠤᠭᠤᠷᠠᠰᠢ ᠦᠭᠡᠢ ᠲᠡᠭᠷᠢ ᠭᠠᠵᠠᠷ ᠲᠠᠢ ᠲᠡᠮᠡᠴᠡᠨ᠂ ᠡᠯᠡᠰᠦ ᠶᠢ ᠵᠠᠰᠠᠵᠤ ᠣᠶᠢᠵᠢᠭᠤᠯᠤᠭᠰᠠᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠬᠦᠷᠢᠶ᠎ᠡ ᠬᠤᠰᠢᠭᠤᠨ ᠤ ᠠᠷᠠᠳ ᠲᠦᠮᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠭᠰᠠᠨ ᠦᠨᠡᠨ ᠪᠣᠳᠠᠲᠠᠶ ᠥᠯᠢᠭᠡᠷ ᠢ ᠲᠣᠭᠠᠴᠢᠭᠰᠠᠨ ᠪᠠᠶᠢᠨ᠎ᠠ᠃ ᠲᠤᠰ ᠵᠦᠴᠦᠭᠡ ᠳᠤ ᠭᠤᠣᠯᠳᠠᠭᠤ ᠷᠣᠮᠠᠨᠲ᠋ᠢᠭ ᠦᠵᠡᠯ ᠤᠨ ᠢᠯᠡᠷᠡᠭᠦᠯᠦᠯ ᠤᠨ ᠠᠷᠭ᠎ᠠ ᠪᠠᠷᠢᠯ ᠢ ᠬᠡᠷᠡᠭᠯᠡᠨ᠂ ᠳᠠᠭᠤᠤ᠂ ᠪᠥᠵᠢᠭ᠂ ᠰᠢ ᠵᠦᠴᠦᠭᠡ᠂ ᠤᠯᠠᠮᠵᠢᠯᠠᠯᠲᠤ ᠳᠠᠭᠤᠷᠢᠯᠢᠭ ᠵᠡᠷᠭᠡ ᠡᠯᠧᠮᠧᠨ᠋ᠲ ᠢ ᠠᠭᠤᠰᠬᠠᠨ ᠨᠡᠶᠢᠯᠡᠭᠦᠯᠵᠦ᠂ ᠤᠷᠠᠯᠢᠭ ᠤᠨ ᠣᠯᠠᠨ ᠶᠠᠩᠵᠤᠲᠤ ᠴᠢᠨᠠᠷ ᠢ ᠠᠯᠢ ᠴᠢᠳᠠᠬᠤ ᠪᠠᠷ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号