︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ︾ ᠤᠨ ᠦᠢᠯᠡᠴᠢᠯᠡᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ | ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ | ᠂ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠵᠡᠷᠭᠡ ᠠᠵᠢᠯ ᠥᠷᠨᠢᠭᠦᠯᠵᠦ᠂ 15 ᠲᠦᠮᠡ | ᠭᠠᠷᠤᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠨ᠂ 900 ᠭᠠᠷᠤᠢ ᠵᠢᠷᠮᠦᠰᠦᠨ | ᠡᠮᠡᠭᠲᠡᠢ᠂ 7000 ᠭᠠᠷᠤᠢ 6 ᠨᠠᠰᠤᠨ ᠠᠴᠠ ᠳᠣᠷᠣᠭᠰᠢᠬᠢ ᠬᠡᠦᠬᠡᠳ᠂ 8000 ᠭᠠᠷᠤᠢ 65 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠬᠠᠮᠢᠶᠠᠷᠤᠯᠲᠠ ᠬᠢᠪᠡ︔ 23000 ᠭᠠᠷᠤᠢ ᠤᠳᠠᠭᠠᠨ | ᠴᠢᠨᠠᠷᠲᠠᠢ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠡᠪᠡᠳᠴᠢᠲᠡᠨ ᠳᠤ ᠡᠷᠡᠭᠦᠯ ᠮᠡᠨᠳᠦ ᠶᠢᠨ ᠮᠥᠷᠳᠡᠨ | ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠪᠠ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠨᠢᠭᠡ ᠨᠠᠰᠤᠲᠠᠨ ᠨᠢᠭᠡ ᠨᠢᠯᠬ᠎ᠠ︾ ᠶᠢᠨ ᠦᠢᠯᠡᠴᠢᠯᠡᠭᠡᠨ ᠤ | ᠵᠠᠭᠪᠤᠷ ᠢ ᠥᠷᠭᠡᠳᠬᠡᠵᠦ᠂ ᠵᠤᠤᠬᠠᠴᠢᠨ ᠨᠡᠶᠢᠭᠡᠮ ᠲᠣᠭᠤᠷᠢᠭ ᠢ ᠠᠮᠵᠢᠯᠲᠠ ᠲᠠᠢ ᠪᠠᠷ ᠨᠠᠰᠤᠲᠠᠶᠢᠴᠤᠳ ᠲᠤ | ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠪᠣᠯᠭᠠᠨ ᠡᠭᠦᠳᠦᠨ ᠪᠠᠶᠢᠭᠤᠯᠪᠠ᠃ ᠬᠦᠷᠢᠶ᠎ᠡ ᠬᠤᠰᠢᠭᠤᠨ ᠤ ᠰᠢᠶᠣᠣ | ᠪᠠᠢ ᠯᠢᠩ ᠬᠡᠦᠬᠡᠳ ᠤᠨ ᠴᠡᠴᠡᠷᠯᠢᠭ ᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ | ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠲᠥᠪ ᠪᠣᠯᠭᠠᠬᠤ ᠪᠠᠷ ᠲᠣᠭᠲᠠᠭᠠᠵᠤ᠂ ᠣᠲᠣ ᠪᠣᠯᠲᠠᠯ᠎ᠠ ᠬᠡᠦᠬᠡᠳ | ᠰᠠᠭᠠᠲᠠᠭᠤᠯᠬᠤ ᠣᠷᠣ ᠶᠢ 370 ᠪᠣᠯᠭᠠᠨ ᠨᠡᠮᠡᠵᠦ ᠲᠤᠬᠢᠷᠠᠭᠤᠯᠪᠠ︔ ᠬᠦᠷᠢᠶ᠎ᠡ ᠬᠤᠰᠢᠭᠤᠨ ᠤ ᠰᠢᠶᠠᠩ ᠾᠧ ᠬᠤᠶ | ᠽᠧ ᠨᠠᠰᠤᠵᠢᠯ ᠤᠨ ᠠᠰᠠᠷᠠᠮᠵᠢ ᠶᠢᠨ ᠲᠥᠪ ᠢ ᠮᠠᠨ ᠤ ᠬᠤᠰᠢᠭᠤᠨ ᠤ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠪᠠᠶᠢᠭᠤᠯᠤᠮᠵᠢ ᠪᠠᠷ ᠲᠣᠭᠲᠠᠭᠠᠵᠤ᠂ 80 ᠡᠪᠡᠳᠴᠢᠲᠡᠨ ᠤ ᠣᠷᠣ ᠲᠠᠢ ᠪᠣᠯᠭᠠᠪᠠ᠃ | ︽ᠭᠤᠷᠪᠠᠨ ᠳᠦᠷᠢᠮ︾ ᠢ ᠨᠠᠶᠢᠳᠠᠪᠤᠷᠢᠵᠢᠭᠤᠯᠤᠨ ᠣᠯᠠᠨ ᠲᠦᠮᠡᠨ ᠳᠤ ᠠᠰᠢᠭ ᠬᠦᠷᠲᠡᠭᠡᠭᠰᠡᠨ ᠪᠠᠶᠢᠳᠠᠯ ᠢ | ᠨᠠᠷᠢᠯᠢᠭ ᠣᠨᠣᠴᠠᠲᠠᠢ ᠬᠠᠷᠭᠤᠭᠤᠯᠤᠨ ᠪᠠᠶᠢᠴᠠᠭᠠᠵᠤ᠂ 2022 ᠣᠨ ᠳᠤ 1449 ᠬᠥᠮᠥᠨ ᠢ ᠱᠠᠩᠨᠠᠨ ᠲᠡᠳᠬᠦᠵᠦ᠂ | 189 ᠬᠥᠮᠥᠨ ᠢ ᠣᠨᠴᠠᠭᠠᠶᠢᠯᠠᠨ ᠲᠡᠳᠬᠦᠵᠦ᠂ 11 ᠣᠨᠴᠠᠭᠠᠶ ᠭᠡᠷ ᠪᠦᠯᠢ ᠶᠢ ᠨᠢᠭᠡ ᠯᠡ ᠤᠳᠠᠭ᠎ᠠ ᠶᠢᠨ ᠴᠢᠨᠠᠷᠲᠠᠢ | ᠳᠡᠮᠵᠢᠨ ᠲᠤᠰᠠᠯᠠᠵᠤ᠂ 266 ᠲᠥᠯᠥᠪᠯᠡᠭᠡᠲᠦ ᠦᠷᠡᠵᠢᠯ ᠤᠨ ᠲᠤᠰᠬᠠᠢ ᠺᠠᠳ᠋ᠷ᠂ 499 ᠭᠠᠭᠴᠠ ᠬᠡᠦᠬᠡᠳ ᠲᠠᠢ | ᠡᠷᠦᠬᠡ ᠶᠢ ᠱᠠᠩᠨᠠᠨ ᠲᠡᠳᠬᠦᠵᠦ᠂ 357 ᠲᠦᠮᠡ ᠭᠠᠷᠤᠢ ᠲᠥᠭᠦᠷᠢᠭ ᠤᠨ ᠱᠠᠩᠨᠠᠯ ᠤᠨ ᠪᠡᠯᠡ ᠮᠥᠩᠭᠦ ᠲᠠᠷᠬᠠᠭᠠᠪᠠ᠃ | |