ᠬᠦᠷᠢᠶ᠎ᠡ ᠬᠤᠰᠢᠭᠤ ᠪᠤᠭᠤᠳᠠᠢ ᠪᠠᠨ ᠲᠠᠷᠢᠵᠤ ᠡᠬᠢᠯᠡᠯ᠎ᠡ
ᠨᠡᠶᠢᠲᠡᠯᠡᠭᠰᠡᠨ ᠴᠠᠭ᠄
2023/4/14
   ᠥᠪᠥᠷ ᠮᠣᠩᠭᠤᠯ ᠤᠨ ᠮᠧᠢ ᠹᠧᠩ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠪᠣᠭᠤᠳᠠᠶ ᠰᠠᠭᠠᠭ ᠡᠬᠡᠯᠵᠢᠯᠡᠨ ᠳᠠᠷᠢᠬᠤ ᠰᠠᠭᠤᠷᠢᠨ ᠳᠤ ᠰᠢᠨ᠎ᠡ ᠮᠠᠶ᠋ᠢᠭ ᠤᠨ ᠳᠠᠷᠢᠬᠤ ᠮᠠᠰᠢᠨ ᠢᠶᠠᠷ ᠪᠣᠭᠤᠳᠠᠶ ᠲᠠᠷᠢᠵᠤ ᠪᠠᠶᠢᠭ᠎ᠠ ᠨᠢ᠃ ᠬᠤᠸᠠ ᠯᠧᠢ ᠰᠡᠭᠦᠳᠡᠷᠯᠡᠪᠡ    ᠠᠭᠤᠷ ᠠᠮᠢᠰᠬᠤᠯ ᠤᠷᠢᠨ ᠲᠤᠯᠠᠭᠠᠨ ᠪᠤᠯᠵᠤ᠂ ᠪᠣᠭᠤᠳᠠᠶ ᠳᠠᠷᠢᠬᠤ ᠬᠠᠮᠤᠭ ᠤᠨ ᠲᠤᠬᠢᠷᠠᠮᠵᠢᠳᠠᠢ ᠴᠠᠭ ᠬᠦᠷᠴᠤ ᠢᠷᠡᠬᠦᠯᠡᠷ᠂ ᠬᠦᠷᠢᠶ᠎ᠡ ᠬᠤᠰᠢᠭᠤ ᠲᠠᠷᠢᠶᠠᠯᠠᠬᠤ ᠠᠰᠢᠭᠳᠠᠢ ᠴᠠᠭ ᠢ ᠵᠠᠪᠳᠤᠨ ᠬᠠᠪᠤᠷ ᠤᠨ ᠪᠣᠭᠤᠳᠠᠶ ᠪᠠᠨ ᠳᠠᠷᠢᠵᠤ ᠡᠬᠢᠯᠡᠯ᠎ᠡ᠃    ᠡᠨᠡ ᠬᠡᠳᠦᠨ ᠵᠢᠯ ᠳᠤ᠂ ᠥᠪᠥᠷ ᠮᠣᠩᠭᠤᠯ ᠤᠨ ᠮᠧᠢ ᠹᠧᠩ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠬᠡᠯᠪᠡᠷᠢ ᠶᠢ ᠠᠪᠴᠤ᠂ ᠬᠦᠷᠢᠶ᠎ᠡ ᠪᠠᠯᠭᠠᠰᠤᠨ ᠤ ᠮᠠ ᠵᠢᠶᠠ ᠸᠠ ᠽᠢ ᠲᠣᠰᠬᠤᠨ ᠪᠠ ᠲᠦᠷᠪᠡᠯᠵᠢ ᠶᠢᠨ ᠰᠦᠮ᠎ᠡ ᠭᠠᠴᠠᠭ᠎ᠠ ᠶᠢᠨ 298 ᠡᠷᠦᠬᠡ ᠶᠢᠨ 2348 ᠮᠥ ᠲᠠᠷᠢᠶᠠᠨ ᠭᠠᠵᠠᠷ ᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ᠂ ᠲᠠᠷᠢᠶᠠᠨ ᠭᠠᠵᠠᠷ ᠤᠨ ᠡᠷᠴᠢᠮᠵᠢᠭᠦᠯᠦᠭᠰᠡᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠵᠦ᠂ ᠭᠠᠵᠠᠷ ᠰᠢᠷᠣᠶ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠲᠠᠷᠢᠶᠠᠴᠢᠨ ᠡᠷᠦᠬᠡ ᠶᠢᠨ ᠲᠠᠷᠢᠶ᠎ᠠ ᠳᠠᠷᠢᠬᠤ ᠳᠤ ᠥᠪᠡᠷ ᠤᠨ ᠥᠷᠲᠡᠭ ᠥᠨᠳᠥᠷ᠂ ᠠᠰᠢᠭ ᠣᠷᠣᠯᠭ᠎ᠠ ᠳᠣᠤᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠪᠡ᠃    ᠡᠨᠡ ᠵᠢᠯ ᠲᠤᠰ ᠺᠣᠮᠫᠠᠨᠢ 2348 ᠮᠥ ᠪᠣᠭᠤᠳᠠᠶ ᠳᠠᠷᠢᠬᠤ ᠪᠠᠷ ᠲᠥᠯᠥᠪᠯᠡᠵᠦ᠂ ᠪᠣᠭᠤᠳᠠᠶ ᠰᠠᠭᠠᠭ ᠡᠬᠡᠯᠵᠢᠯᠡᠨ ᠳᠠᠷᠢᠬᠤ ᠵᠠᠭᠪᠤᠷ ᠢ ᠠᠪᠴᠤ᠂ ᠲᠦᠷᠤᠬᠦᠤ ᠡᠬᠡᠯᠵᠢ ᠶᠢᠨ ᠪᠣᠭᠤᠳᠠᠶ ᠪᠠᠨ 4 ᠰᠠᠷ᠎ᠠ ᠶᠢᠨ ᠡᠬᠢ ᠪᠠᠷ ᠲᠠᠷᠢᠵᠤ᠂ 7 ᠰᠠᠷ᠎ᠠ ᠶᠢᠨ ᠡᠬᠢ ᠪᠠᠷ ᠬᠤᠷᠢᠶᠠᠵᠤ᠂ ᠬᠤᠶᠠᠳᠤᠭᠠᠷ ᠡᠬᠡᠯᠵᠢ ᠳᠤ ᠰᠠᠭᠠᠭ ᠳᠠᠷᠢᠬᠤ ᠪᠣᠯᠤᠨ᠎ᠠ᠃ ᠨᠢᠭᠡ ᠵᠢᠯ ᠳᠤ ᠬᠤᠶᠠᠷ ᠤᠳᠠᠭ᠎ᠠ ᠳᠠᠷᠢᠬᠤ ᠬᠡᠯᠪᠡᠷᠢ ᠪᠠᠷ ᠲᠠᠷᠢᠮᠠᠯ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠠᠷᠢᠮᠠᠯ ᠤᠨ ᠤᠨᠠᠯᠲᠠ ᠪᠠ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃    ᠪᠣᠭᠤᠳᠠᠶ ᠳᠠᠷᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠦᠷᠢᠶ᠎ᠡ ᠬᠤᠰᠢᠭᠤ ᠡᠷᠲᠡ ᠲᠥᠯᠥᠪᠯᠡᠵᠦ᠂ ᠡᠷᠲᠡ ᠪᠠᠶᠢᠷᠢᠯᠠᠭᠤᠯᠵᠦ᠂ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠬᠢᠵᠦ᠂ ᠡᠭᠦᠯᠳᠡᠷ ᠢ ᠰᠢᠯᠢᠨ ᠰᠣᠩᠭᠤᠬᠤ᠂ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠢ ᠰᠠᠶᠢᠳᠤᠷ ᠬᠢᠵᠦ᠂ ᠠᠵᠤ ᠠᠬᠤᠶᠢᠯᠠᠯ ᠪᠠ ᠲᠠᠷᠢᠶᠠᠴᠢᠨ ᠡᠷᠦᠬᠡ ᠶᠢᠨ ᠳᠠᠷᠢᠬᠤ ᠬᠡᠷᠡᠭᠴᠡᠭᠡ ᠶᠢ ᠬᠠᠩᠭᠠᠵᠤ᠂ ᠬᠠᠪᠤᠷ ᠤᠨ ᠪᠣᠭᠤᠳᠠᠶ ᠳᠠᠷᠢᠬᠤ ᠠᠬᠢᠴᠠ ᠶᠢ ᠲᠦᠷᠭᠡᠳᠬᠡᠵᠦ᠂ ᠲᠠᠷᠢᠶᠠᠯᠠᠩ ᠤᠨ ᠡᠯᠪᠡᠭ ᠬᠤᠷᠢᠶᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠪᠠᠶᠢᠨ᠎ᠠ᠃                          ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠭᠤᠣᠯ ᠰᠢᠵᠢᠮ ᠢ ᠴᠢᠩᠭ᠎ᠠ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠤᠯᠠᠮᠵᠢᠯᠠᠯᠲᠤ ᠨᠢᠭᠡ ᠵᠢᠯ ᠨᠢᠭᠡ ᠤᠳᠠᠭ᠎ᠠ ᠲᠠᠷᠢᠬᠤ ᠠᠷᠭ᠎ᠠ ᠬᠡᠯᠪᠡᠷᠢ ᠶᠢ ᠡᠪᠳᠡᠵᠦ᠂ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠮᠡᠷᠭᠡᠵᠢᠯ ᠢ ᠬᠡᠷᠡᠭᠯᠡᠵᠦ᠂ ᠢᠵᠢ ᠪᠦᠷᠢᠳᠦᠭᠦᠯᠦᠨ ᠲᠠᠷᠢᠬᠤ᠂ ᠬᠤᠶᠠᠷ ᠤᠳᠠᠭ᠎ᠠ ᠲᠠᠷᠢᠬᠤ ᠲᠠᠷᠢᠮᠠᠯ ᠢ ᠢᠳᠡᠪᠬᠢᠲᠡᠢ ᠳᠡᠯᠭᠡᠷᠡᠭᠦᠯᠵᠦ᠂ ᠲᠠᠷᠢᠮᠠᠯ ᠤᠨ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠨ ᠭᠠᠵᠠᠷ ᠤᠨ ᠦᠷ᠎ᠡ ᠠᠰᠢᠭ ᠢ ᠳᠡᠭᠡᠭᠰᠢᠯᠡᠭᠦᠯᠵᠦ᠂ ︽ᠨᠢᠭᠡ ᠲᠠᠷᠢᠶᠠᠨ ᠭᠠᠵᠠᠷ ᠲᠤ ᠬᠤᠶᠠᠷ ᠡᠬᠡᠯᠵᠢ ᠲᠠᠷᠢᠵᠤ ᠂ ᠬᠤᠣᠰ ᠬᠤᠷᠢᠶᠠᠯᠲᠠ ᠤᠯᠬᠤ︾ ᠶᠢ ᠪᠡᠶᠡᠯᠡᠬᠦᠯᠵᠤ ᠪᠠᠶᠢᠨ᠎ᠠ᠃
 
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号