ᠬᠤᠰᠢᠭᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠬᠠᠤᠯᠢᠵᠢᠯ ᠢᠶᠠᠷ ᠠᠶᠠᠯᠠᠯ ᠢ ᠬᠠᠮᠠᠭᠠᠯᠠᠨ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/18
    4 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠬᠠᠤᠯᠢᠵᠢᠯ ᠢᠶᠠᠷ ᠠᠶᠠᠯᠠᠯ ᠢ ᠬᠠᠮᠠᠭᠠᠯᠠᠨ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠪᠠ᠃ ᠸᠠᠩ ᠸᠧᠶ᠂ ᠪᠠᠶ ᠴᠢᠩ ᠱᠠᠨ ᠵᠡᠷᠭᠡ ᠬᠤᠰᠢᠭᠤᠨ ᠤ ᠳᠥᠷᠪᠡᠨ ᠪᠠᠶᠢᠭᠤᠯᠤᠯᠭ᠎ᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠸᠧᠶ  ᠡᠷᠬᠢᠯᠡᠪᠡ᠃
   ᠬᠤᠷᠠᠯ ᠳᠡᠭᠡᠷ᠎ᠡ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠢᠭᠡᠳᠦᠭᠡᠷ ᠳᠡᠰ ᠤᠨ ᠰᠢᠭᠦᠭᠴᠢ ᠪᠠᠶ ᠹᠧᠩ ᠯᠠᠨ᠂ ᠸᠧᠶ ᠴᠢᠩ ᠴᠢᠩ ᠢ ᠤᠷᠢᠵᠤ᠂ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠪᠠᠷ ᠬᠡᠷᠡᠭ ᠢ ᠥᠭᠦᠯᠡᠨ᠂ ᠦᠨᠳᠦᠰᠦᠨ ᠱᠠᠲᠤᠨ ᠤ ᠤᠳᠤᠷᠢᠳᠬᠤ ᠺᠠᠳ᠋ᠷᠴᠤᠳ ᠤᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠵᠠᠭᠠᠯᠳᠤᠬᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠭᠰᠡᠨ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠭᠡᠷ᠎ᠡ ᠶᠢᠨ ᠨᠠᠶᠢᠷᠠᠭᠤᠯᠤᠯ ᠤᠨ ᠬᠤᠯᠪᠣᠭᠳᠠᠯ ᠪᠦᠬᠦᠢ ᠲᠣᠭᠲᠠᠭᠠᠯ ᠵᠡᠷᠭᠡ ᠠᠭᠤᠯᠭ᠎ᠠ ᠶᠢ ᠰᠢᠰᠲ᠋ᠧᠮ ᠲᠠᠢ ᠪᠠᠷ ᠲᠣᠳᠣᠷᠬᠠᠶᠢᠯᠠᠨ ᠲᠠᠶᠢᠯᠪᠤᠷᠢᠯᠠᠭᠰᠠᠨ ᠪᠥᠭᠡᠳ ᠭᠦᠨᠵᠡᠭᠡᠶ ᠲᠠᠶᠢᠯᠤᠮᠵᠢ ᠬᠢᠪᠡ᠃ ᠲᠠᠶᠢᠯᠤᠮᠵᠢ ᠨᠢ ᠠᠭᠤᠯᠭ᠎ᠠ ᠪᠠᠷ ᠪᠠᠶᠠᠯᠢᠭ᠂ ᠵᠢᠯᠣᠭᠤᠳᠬᠤ ᠴᠢᠨᠠᠷ ᠢᠶᠠᠷ ᠴᠢᠩᠭ᠎ᠠ ᠪᠠᠶᠢᠵᠤ᠂ ᠮᠠᠨ ᠤ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃    ᠬᠤᠷᠠᠯ ᠠᠴᠠ ᠱᠠᠭᠠᠷᠳᠠᠭᠰᠠᠨ ᠨᠢ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠬᠠᠤᠯᠢᠵᠢᠯ ᠤᠨ ᠰᠡᠳᠬᠢᠬᠦᠢ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠬᠠᠤᠯᠢ ᠪᠠᠷ ᠵᠠᠰᠠᠬᠤ︾ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠳᠤᠮᠳᠠ ᠬᠠᠤᠯᠢ ᠶᠣᠰᠣᠭᠠᠷ ᠠᠵᠢᠯᠯᠠᠬᠤ᠂ ᠲᠦᠷᠢᠮ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠲᠡᠭᠦᠨ ᠢ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠪᠦᠲᠦᠮᠵᠢᠲᠡᠶ ᠠᠷᠭ᠎ᠠ ᠪᠠᠷᠢᠯ ᠪᠠ ᠪᠠᠲᠤ ᠴᠢᠩᠭ᠎ᠠ ᠪᠠᠲᠤᠯᠠᠭ᠎ᠠ ᠪᠣᠯᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠵᠠᠬᠢᠷᠭ᠎ᠠ ᠶᠢ ᠵᠢᠷᠤᠮᠵᠢᠭᠤᠯᠬᠤ᠂ ᠵᠠᠰᠠᠭ ᠵᠠᠬᠢᠷᠭ᠎ᠠ ᠶᠢ ᠢᠯᠡ ᠪᠣᠯᠭᠠᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ︽ᠨᠥᠬᠦᠷᠰᠡᠭ᠂ ᠪᠠᠭᠲᠠᠭᠠᠮᠵᠢᠲᠠᠶ᠂ ᠦᠨᠡᠨᠴᠢ ᠢᠲᠡᠭᠡᠮᠵᠢᠲᠡᠶ᠂ ᠬᠠᠤᠯᠢ ᠶᠢ ᠰᠠᠬᠢᠬᠤ︾ ᠥᠷᠲᠡᠭ ᠤᠨ ᠬᠠᠨᠳᠤᠰᠢ ᠶᠢ ᠢᠳᠡᠪᠬᠢᠲᠡᠶ ᠰᠠᠨᠠᠭᠠᠴᠢᠯᠠᠵᠤ᠂ ︽ᠬᠠᠤᠯᠢ ᠶᠢ ᠰᠠᠬᠢᠬᠤ︾ ᠶᠢ ᠪᠥᠬᠦ ᠬᠤᠰᠢᠭᠤᠨ ᠤ ᠣᠯᠠᠨ ᠲᠦᠮᠡᠨ ᠤ ᠡᠷᠡᠭᠦᠯ ᠴᠢᠬᠢᠷᠠᠭ ᠪᠣᠯᠪᠠᠰᠤᠨ ᠠᠮᠢᠳᠤᠷᠠᠯ ᠤᠨ ᠰᠢᠨ᠎ᠡ ᠠᠷᠭ᠎ᠠ ᠮᠠᠶ᠋ᠢᠭ ᠪᠣᠯᠭᠠᠵᠤ᠂ ᠲᠣᠭᠲᠠᠭᠤᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃    ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠡᠯ᠎ᠡ ᠰᠢᠶᠠᠩ ᠪᠠᠯᠭᠠᠰᠤ ᠰᠤᠮᠤ᠂ ᠭᠠᠴᠠᠭ᠎ᠠ ᠲᠣᠰᠬᠤᠨ ᠵᠡᠷᠭᠡ ᠶᠢᠨ ᠭᠤᠤᠯ ᠬᠠᠷᠢᠭᠤᠴᠠᠯᠭᠠᠲᠠᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠢ ᠭᠥᠯᠢᠶᠡᠨ ᠠᠪᠴᠤ ᠦᠵᠡᠵᠡᠭᠡᠭᠰᠡᠨ ᠪᠠᠶᠢᠨ᠎ᠠ᠃
 
ᠢᠷᠡᠯᠲᠡ᠄ ᠲᠥᠩᠯᠢᠶᠤᠤ ᠶᠢᠨ ᠡᠳᠦᠷ ᠤᠨ ᠰᠣᠨᠢᠨ ᠤ ᠮᠣᠩᠭᠤᠯ ᠰᠣᠨᠢᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号