ᠤᠢᠢᠷ᠎ᠠ ᠶᠢᠨ ᠬᠡᠳᠦᠨ ᠡᠳᠦᠷ᠂ ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤ ᠶᠢᠨ ᠮᠠ ᠵᠢᠶᠠ ᠸᠠ ᠽᠢ | ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷ ᠬᠥᠭᠵᠢᠶᠡᠨ ᠢᠶᠠᠷ ᠪᠢᠯᠬᠠᠵᠤ᠂ | ᠲᠣᠰᠬᠤᠨ ᠤ ᠠᠷᠠᠳ ᠨᠠᠰᠢ ᠴᠠᠰᠢ ᠵᠦᠷᠢᠯᠴᠡᠵᠦ᠂ ᠪᠠᠶᠠᠷ ᠪᠠᠶᠠᠰᠬᠤᠯᠠᠩᠲᠠᠢ ᠪᠠᠶᠢᠯ᠎ᠠ᠃ ᠲᠣᠰᠬᠤᠨ ᠤ ᠵᠥᠪᠯᠡᠯ ᠤᠨ | ᠤᠳᠤᠷᠢᠳᠬᠤ ᠪᠠᠭ ᠨᠢ ᠶᠠᠭ ᠰᠠᠶᠢᠬᠠᠨ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ ᠲᠣᠭᠲᠠᠭᠠᠭᠰᠠᠨ ᠭᠠᠴᠠᠭᠠᠨ ᠤ | ᠠᠷᠠᠳ ᠲᠤ ᠡᠷᠭᠢᠯᠲᠡ ᠶᠢᠨ ᠮᠥᠩᠭᠦ ᠲᠦᠭᠡᠭᠡᠵᠦ ᠪᠠᠶᠢᠨ᠎ᠠ᠃ ᠪᠦᠷᠢᠳᠬᠡᠬᠦ᠂ ᠭᠠᠷ ᠤᠨ ᠦᠰᠦᠭ ᠵᠢᠷᠤᠬᠤ ᠵᠡᠷᠭᠡ ᠠᠯᠢ | ᠤᠯᠠᠨ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ᠂ ᠲᠣᠰᠬᠤᠨ ᠤ ᠠᠷᠠᠳ ᠭᠠᠵᠠᠷ ᠰᠢᠷᠣᠶ ᠶᠢᠨ ᠡᠷᠭᠢᠯᠲᠡ ᠶᠢᠨ | ᠲᠦᠷᠢᠶᠡᠰᠦᠨ ᠮᠥᠩᠭᠦ ᠪᠠᠨ ᠣᠯᠵᠤ᠂ ᠨᠢᠭᠡ ᠨᠢᠭᠡ ᠪᠠᠷ ᠢᠶᠠᠨ ᠪᠠᠶᠠᠷ ᠤᠨ ᠮᠠᠩᠨᠠᠢ ᠲᠡᠨᠡᠶᠢᠵᠦ ᠪᠠᠶᠢᠯ᠎ᠠ᠃ | | ︽ᠥᠨᠥᠳᠦᠷ ᠮᠠᠨ ᠤ ᠬᠢᠨ 11 ᠮᠥ ᠭᠠᠵᠠᠷ ᠤᠨ 8250 ᠲᠥᠭᠦᠷᠢᠭ ᠣᠯᠵᠤ᠂ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠤᠭᠠᠳ ᠨᠢᠭᠡᠨᠲᠡ ᠳᠣᠯᠣᠭᠠᠨ ᠵᠢᠯ ᠪᠣᠯᠵᠤ ᠪᠠᠶᠢᠨ᠎ᠠ᠂ ᠡᠬᠢᠨ ᠳᠡᠭᠡᠨ ᠮᠥ ᠪᠦᠷᠢ ᠶᠢᠨ | ᠡᠷᠭᠢᠯᠲᠡ ᠶᠢᠨ ᠰᠦᠢᠳᠬᠡᠯ 500 ᠲᠥᠭᠦᠷᠢᠭ ᠪᠠᠶᠢᠵᠤ᠂ ᠡᠨᠡ ᠵᠢᠯ ᠮᠥ ᠪᠦᠷᠢ ᠶᠢᠨ ᠰᠦᠢᠳᠬᠡᠯ 750 ᠲᠥᠭᠦᠷᠢᠭ | ᠪᠣᠯᠵᠤ ᠥᠰᠴᠡᠶ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠤ ᠳᠠᠷᠠᠭ᠎ᠠ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ ᠤᠴᠢᠷ ᠠᠴᠠ ᠵᠣᠪᠠᠭ᠋ᠤ ᠬᠡᠷᠡᠭ ᠦᠭᠡᠶ ᠪᠣᠯᠵᠠᠶ︾᠃ ᠭᠡᠵᠦ ᠰᠠᠶ᠋ᠢᠬᠠᠨ ᠭᠠᠵᠠᠷ | ᠰᠢᠷᠣᠢ ᠶᠢᠨ ᠡᠷᠭᠢᠯᠲᠡ ᠶᠢᠨ ᠮᠥᠩᠭᠦ ᠶᠢ ᠣᠯᠤᠭᠰᠠᠨ ᠲᠣᠰᠬᠤᠨ ᠤ ᠠᠷᠠᠳ ᠮᠠ ᠢᠦᠢ ᠴᠢᠩ ᠬᠠᠨᠤᠮᠵᠢᠲᠠᠶᠢᠬᠠᠨ | ᠬᠡᠯᠡᠪᠡ᠃ | | ᠭᠠᠵᠠᠷ ᠰᠢᠷᠣᠢ ᠶᠢ ᠡᠷᠭᠢᠯᠲᠡ ᠳᠤ ᠣᠷᠣᠭᠤᠯᠤᠭᠰᠠᠨ ᠨᠢ ᠤᠯᠠᠨ ᠲᠦᠮᠡᠨ ᠳᠤ ᠠᠰᠢᠭ ᠬᠦᠷᠲᠡᠭᠡᠭᠰᠡᠨ ᠢᠶᠠᠷ | ᠪᠠᠷᠠᠬᠤ ᠦᠭᠡᠢ ᠪᠠᠰᠠ ᠭᠠᠵᠠᠷ ᠰᠢᠷᠣᠢ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠬᠠᠮᠲᠤ ᠪᠠᠷ ᠠᠰᠢᠭ ᠬᠦᠷᠳᠡᠬᠦ ᠰᠢᠨ᠎ᠡ ᠵᠠᠮ ᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠵᠡᠢ᠃ ᠲᠣᠰᠬᠤᠨ ᠤ ᠠᠷᠠᠳ ᠯᠢᠦ ᠫᠢᠩ ᠤᠨ ᠬᠢᠨ 20 ᠭᠠᠷᠤᠶ | ᠮᠦ ᠲᠠᠷᠢᠶ᠎ᠠ ᠲᠠᠢ᠃ ᠡᠨᠡ ᠬᠡᠳᠦᠨ ᠵᠢᠯ ᠳᠤ᠂ ᠲᠣᠰᠬᠤᠨ ᠤ ᠬᠤᠶᠠᠷ ᠵᠥᠪᠯᠡᠯ ᠢᠶᠠᠷ ᠳᠠᠮᠵᠢᠨ ᠲᠡᠷᠡ ᠥᠪᠡᠷ ᠤᠨ 7 | ᠮᠦ ᠭᠠᠵᠠᠷ ᠢᠶᠠᠨ ᠮᠦ ᠪᠦᠷᠢ ᠳᠤ 750 ᠲᠥᠭᠦᠷᠢᠭ ᠤᠨ ᠦᠨ᠎ᠡ ᠪᠠᠷ ᠥᠪᠥᠷ ᠮᠣᠩᠭᠤᠯ ᠤᠨ ᠮᠸᠢ ᠹᠧᠩ | ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠪᠡ᠃ ᠭᠠᠵᠠᠷ ᠰᠢᠷᠣᠶ ᠶᠢᠨ | ᠲᠦᠷᠢᠶᠡᠰᠦᠨ ᠮᠥᠩᠭᠦ ᠶᠢ ᠲᠣᠭᠲᠠᠭᠤᠨ ᠢᠶᠠᠷ ᠬᠤᠷᠢᠶᠠᠵᠤ ᠪᠣᠯᠬᠤ ᠪᠠᠷ ᠪᠠᠷᠠᠬᠤ ᠦᠭᠡᠢ᠂ ᠰᠤᠯᠠ ᠰᠡᠯᠡᠭᠦᠦ ᠴᠠᠭ ᠲᠠᠢ | ᠪᠣᠯᠪᠠᠯ ᠪᠠᠰᠠ ᠺᠣᠮᠫᠠᠨᠢ ᠳᠤ ᠬᠥᠯᠥᠰᠥᠨ ᠠᠵᠢᠯ ᠬᠢᠵᠦ ᠵᠣᠭᠤᠰ ᠣᠯᠵᠤ ᠪᠣᠯᠤᠨ᠎ᠠ᠃ ᠯᠢᠦ ᠫᠢᠩ᠄ ︽ᠥᠨᠥᠳᠦᠷ | 5000 ᠭᠠᠷᠤᠢ ᠲᠥᠭᠦᠷᠢᠭ ᠤᠨ ᠭᠠᠵᠠᠷ ᠰᠢᠷᠣᠢ ᠶᠢ ᠡᠷᠭᠢᠯᠲᠡ ᠳᠤ ᠣᠷᠤᠭᠤᠯᠤᠭᠰᠠᠨ ᠮᠥᠩᠭᠦ ᠶᠢ ᠣᠯᠵᠠᠢ᠂ ᠭᠠᠵᠠᠷ | ᠰᠢᠷᠣᠢ ᠶᠢ ᠡᠷᠭᠢᠯᠲᠡ ᠳᠤ ᠣᠷᠤᠭᠤᠯᠤᠭᠠᠳ᠂ ᠬᠤᠷᠢᠶᠠᠯᠲᠠ ᠲᠠᠢ ᠮᠥᠷᠲᠡᠭᠡᠨ ᠪᠠᠲᠤᠯᠠᠭ᠎ᠠ ᠲᠠᠢ ᠪᠣᠯᠵᠤ᠂ ᠲᠠᠷᠢᠶᠠᠨ | ᠠᠵᠢᠯ ᠤᠨ ᠰᠡᠯᠡᠭᠦᠦ ᠴᠠᠭ ᠲᠤ ᠪᠠᠰᠠ ᠺᠣᠮᠫᠠᠨᠢ ᠳᠤ ᠣᠴᠢᠵᠤ ᠬᠥᠯᠥᠰᠥᠨ ᠠᠵᠢᠯ ᠬᠢᠵᠦ᠂ ᠬᠠᠪᠤᠷ ᠤᠨ | ᠲᠠᠷᠢᠶᠠᠯᠠᠭ᠎ᠠ ᠠᠴᠠ ᠨᠠᠮᠤᠷ ᠤᠨ ᠬᠤᠷᠢᠶᠠᠯᠲᠠ ᠪᠣᠯᠲᠠᠯ᠎ᠠ ᠨᠢᠭᠡ ᠵᠢᠯ ᠳᠤ ᠲᠦᠮᠡ ᠭᠠᠷᠤᠢ ᠲᠥᠭᠦᠷᠢᠭ ᠣᠯᠵᠤ ᠪᠣᠯᠤᠨ᠎ᠠ︾ | ᠭᠡᠵᠦ ᠨᠢᠭᠤᠷ ᠳᠥᠭᠦᠷᠡᠩ ᠪᠠᠶᠠᠷ ᠲᠠᠢ ᠬᠡᠯᠡᠪᠡ᠃ | | | | | ᠡᠨᠡ ᠵᠢᠯ᠂ ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠮᠠ ᠵᠢᠶᠠ ᠸᠠ ᠽᠢ ᠲᠣᠰᠬᠤᠨ ᠤ ᠬᠤᠶᠠᠷ | ᠵᠥᠪᠯᠡᠯ ᠪᠥᠬᠦ ᠲᠣᠰᠬᠤᠨ ᠤ 162 ᠡᠷᠦᠬᠡ᠂ 1500 ᠭᠠᠷᠤᠶ ᠮᠥ ᠭᠠᠵᠠᠷ ᠰᠢᠷᠣᠶ ᠶᠢ ᠥᠪᠥᠷ ᠮᠣᠩᠭᠤᠯ ᠤᠨ ᠮᠸᠢ | ᠹᠧᠩ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠴᠦ᠂ ᠨᠡᠶᠢᠲᠡ 113.87 | ᠲᠦᠮᠡᠨ ᠲᠥᠭᠦᠷᠢᠭ ᠤᠨ ᠭᠠᠵᠠᠷ ᠰᠢᠷᠣᠶ ᠶᠢᠨ ᠡᠷᠭᠢᠯᠲᠡ ᠶᠢᠨ ᠪᠠᠯᠠ ᠮᠥᠩᠭᠦ ᠲᠠᠷᠬᠠᠭᠠᠵᠠᠶ᠃ ᠥᠪᠥᠷ ᠮᠣᠩᠭᠤᠯ ᠤᠨ | ᠮᠸᠢ ᠹᠧᠩ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠮᠠ ᠵᠢᠶᠠ ᠸᠠ ᠽᠢ ᠲᠣᠰᠬᠤᠨ ᠳᠤ ᠡᠳᠦᠷ | ᠲᠤᠲᠤᠮ ᠤᠨ ᠬᠡᠷᠡᠭᠯᠡᠬᠦ ᠠᠵᠢᠯᠴᠢᠨ 30 ᠣᠷᠴᠢᠮ ᠬᠦᠷᠴᠦ᠂ ᠴᠠᠯᠢᠩ ᠢ ᠡᠳᠦᠷ ᠢᠶᠠᠷ ᠳ᠋ᠦᠩᠨᠡᠨ ᠪᠤᠳᠤᠬᠤ | ᠬᠡᠯᠪᠡᠷᠢ ᠪᠠᠷ ᠬᠥᠮᠦᠨ ᠪᠦᠷᠢ ᠳᠤᠮᠳᠠᠴᠢ ᠪᠠᠷ ᠡᠳᠦᠷ ᠲᠤ 180 ᠲᠥᠭᠦᠷᠢᠭ ᠬᠦᠷᠴᠦ᠂ ᠡᠷᠦᠬᠡ ᠪᠦᠷᠢ ᠶᠢᠨ ᠵᠢᠯ ᠤᠨ | ᠬᠥᠯᠥᠰᠥᠨ ᠠᠵᠢᠯ ᠤᠨ ᠣᠷᠣᠯᠭ᠎ᠠ ᠨᠢ 2 ᠲᠦᠮᠡᠨ ᠲᠥᠭᠦᠷᠢᠭ ᠲᠤ ᠬᠦᠷᠴᠦ ᠪᠠᠶᠢᠨ᠎ᠠ᠃ | | ᠣᠶᠢᠷ᠎ᠠ ᠶᠢᠨ ᠵᠢᠯ ᠳᠤ᠂ ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠮᠠ ᠵᠢᠶᠠ ᠸᠠ ᠽᠢ ᠲᠣᠰᠬᠤᠨ | ᠭᠠᠵᠠᠷ ᠰᠢᠷᠣᠶ ᠶᠢᠨ ᠡᠬᠢ ᠪᠠᠶᠠᠯᠢᠭ ᠲᠠᠭᠠᠨ ᠰᠠᠭᠤᠷᠢᠯᠠᠵᠤ᠂ ︽ᠲᠥᠪᠯᠡᠷᠡᠭᠦᠯᠬᠦ᠂ ᠵᠠᠯᠭᠠᠯᠳᠤᠭᠤᠯᠬᠤ᠂ | ᠬᠡᠪᠴᠢᠶᠡᠵᠢᠭᠦᠯᠬᠦ︾ ᠪᠠᠷ ᠬᠠᠷᠠᠯᠲᠠ ᠪᠣᠯᠭᠠᠵᠤ᠂ ᠺᠣᠮᠫᠠᠨᠢᠴᠢᠯᠠᠨ ᠡᠵᠡᠩᠨᠡᠬᠦ᠂ ᠬᠡᠪᠴᠢᠶᠡᠵᠢᠭᠦᠯᠦᠨ ᠬᠥᠭᠵᠢᠭᠦᠯᠬᠦ ᠪᠠᠷ | ᠳᠠᠮᠵᠢᠭᠤᠯᠤᠨ᠂ ᠰᠤᠯᠠ ᠪᠠᠶᠢᠬᠤ ᠭᠠᠵᠠᠷ ᠰᠢᠷᠣᠶ ᠪᠠ ᠲᠠᠷᠠᠬᠠᠶ ᠪᠤᠲᠠᠷᠬᠠᠶ ᠭᠠᠵᠠᠷ ᠰᠢᠷᠣᠶ ᠶᠢ ᠡᠷᠭᠢᠯᠲᠡ ᠳᠤ | ᠣᠷᠤᠭᠤᠯᠵᠤ᠂ ᠢᠵᠢ ᠪᠦᠷᠢᠳᠦᠭᠦᠯᠦᠨ ᠲᠠᠷᠢᠬᠤ᠂ ᠬᠤᠶᠠᠷ ᠵᠦᠢᠯ ᠤᠨ ᠲᠠᠷᠢᠮᠠᠯ ᠢ ᠢᠳᠡᠪᠬᠢᠲᠡᠶ ᠳᠡᠯᠭᠡᠷᠡᠭᠦᠯᠵᠦ᠂ | ᠲᠠᠷᠢᠮᠠᠯ ᠤᠨ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠭᠠᠵᠠᠷ ᠰᠢᠷᠣᠶ ᠶᠢᠨ ᠭᠠᠷᠤᠯᠲᠠ ᠶᠢᠨ | ᠦᠷ᠎ᠡ ᠠᠰᠢᠭ ᠢ ᠳᠡᠭᠡᠭᠰᠢᠯᠡᠭᠦᠯᠦᠨ᠂ ᠪᠠᠰᠠ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠭᠠᠵᠠᠷ | ᠰᠢᠷᠣᠶ ᠠᠴᠠ ᠴᠢᠯᠥᠭᠡᠯᠡᠨ ᠭᠠᠷᠭᠠᠵᠤ ᠣᠷᠣᠯᠭ᠎ᠠ ᠶᠢ ᠨᠡᠮᠡᠭᠳᠡᠭᠦᠯᠵᠦ᠂ ᠭᠠᠵᠠᠷ ᠰᠢᠷᠣᠶ ᠶᠢ ︽ᠠᠮᠢᠳᠤᠯᠢᠭ ᠪᠣᠯᠭᠠᠬᠤ︾ | ᠂ ᠠᠵᠤ ᠦᠢᠯᠡᠰ ᠢ ︽ᠬᠥᠭᠵᠢᠭᠦᠯᠬᠦ︾᠂ ᠲᠠᠷᠢᠶᠠᠴᠢᠳ ᠢ ︽ᠪᠠᠶᠠᠵᠢᠭᠤᠯᠬᠤ︾ ᠶᠢ ᠪᠡᠶᠡᠯᠡᠭᠦᠯᠵᠦ᠂ ᠲᠠᠷᠢᠶᠠᠯᠠᠩ ᠤᠨ | ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠲᠦᠯᠬᠢᠨ ᠠᠬᠢᠭᠤᠯᠤᠭᠰᠠᠨ ᠪᠠᠶᠢᠨ᠎ᠠ᠃ |