2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠣᠶᠢᠷ᠎ᠠ ᠳᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠠᠴᠠ ᠬᠥᠬᠢᠭᠦᠯᠦᠨ ᠰᠠᠶᠢᠰᠢᠶᠠᠬᠤ ᠲᠣᠭᠲᠠᠭᠠᠯ ᠭᠠᠷᠭᠠᠵᠤ᠂ 296 | ᠡᠪᠯᠡᠯ ᠤᠨ ᠵᠣᠬᠢᠶᠠᠨ ᠪᠠᠶᠢᠭᠤᠯᠤᠯᠲᠠ ᠳᠤ ᠪᠥᠬᠦ ᠤᠯᠤᠰ ᠤᠨ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭ | ᠡᠪᠯᠡᠯ ᠤᠨ ᠬᠤᠷᠢᠶ᠎ᠠ ᠶᠢᠨ ᠴᠣᠯᠠ ᠣᠯᠭᠤᠪᠠ︔ 389 ᠡᠪᠯᠡᠯ ᠤᠨ ᠵᠣᠬᠢᠶᠠᠨ ᠪᠠᠶᠢᠭᠤᠯᠤᠯᠲᠠ ᠳᠤ ᠪᠦᠬᠦ ᠤᠯᠤᠰ ᠤᠨ | ᠲᠠᠪᠤᠨ ᠰᠠᠷ᠎ᠠ ᠶᠢᠨ ᠳᠦᠷᠪᠡᠨ ᠤ ᠤᠯᠠᠭᠠᠨ ᠲᠤᠭ ᠤᠨ ᠡᠪᠯᠡᠯ ᠤᠨ ᠡᠭᠦᠷ ᠤᠨ ᠴᠣᠯᠠ ᠣᠯᠭᠤᠪᠠ︔ 481 ᠨᠥᠬᠦᠳ | ︵1 ᠬᠥᠮᠦᠨ ᠢ ᠨᠡᠬᠡᠮᠵᠢᠯᠡᠨ ᠣᠯᠭᠤᠬᠤ ᠶᠢ ᠪᠠᠭᠲᠠᠭᠠᠨ᠎ᠠ︶ ᠲᠤ ᠪᠦᠬᠦ ᠤᠯᠤᠰ ᠤᠨ ᠰᠢᠯᠢᠳᠡᠭ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ ᠤ ᠴᠣᠯᠠ ᠣᠯᠭᠤᠪᠠ︔ 342 ᠨᠥᠬᠦᠳ ᠲᠤ ᠪᠦᠬᠦ ᠤᠯᠤᠰ ᠤᠨ ᠰᠢᠯᠢᠳᠡᠭ | ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠤᠨ ᠴᠣᠯᠠ ᠣᠯᠭᠤᠪᠠ᠃ | ᠤᠢᠢᠷ᠎ᠠ ᠶᠢᠨ ᠵᠢᠯ ᠠᠴᠠ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ | ᠡᠪᠯᠡᠯ ᠤᠨ ᠭᠡᠰᠢᠭᠦᠨ᠂ ᠡᠪᠯᠡᠯ ᠤᠨ ᠺᠠᠳ᠋ᠷ ᠨᠠᠮ ᠤᠨ ᠲᠤᠭ ᠤᠨ ᠳᠣᠣᠷ᠎ᠠ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠬᠦᠴᠦᠨ ᠪᠣᠯᠤᠨ ᠭᠠᠪᠰᠢᠭᠠᠢ ᠠᠩᠬᠢ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠯᠡᠮᠵᠢ ᠤᠯᠠᠨ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ | ᠭᠠᠷᠴᠠᠢ᠃ ᠲᠡᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠦᠢᠯᠡᠳᠦᠯᠭᠡ ᠶᠢᠨ ᠳᠠᠪᠲᠠᠯᠲᠠ ᠶᠢᠨ ᠳᠤᠮᠳᠠ ᠡᠷᠳᠡᠮ ᠴᠢᠳᠠᠪᠤᠷᠢ ᠲᠠᠢ ᠪᠤᠯᠵᠤ᠂ ᠶᠠᠰᠤ | ᠰᠢᠷᠪᠥᠰᠥ ᠪᠠᠨ ᠴᠢᠭᠢᠷᠠᠭᠵᠢᠭᠤᠯᠪᠠ︔ ᠲᠡᠳᠡ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠤᠨ ᠪᠠᠶᠢᠷᠢᠨ ᠳᠤ ᠡᠷᠡᠯᠬᠡᠭᠯᠡᠨ ᠮᠠᠴᠤᠵᠤ᠂ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠤᠯᠠᠨ ᠤᠯᠤᠰ ᠤᠨ | ᠥᠷᠢᠰᠥᠯᠳᠦᠭᠡᠨ ᠤ ᠳᠤᠮᠳᠠ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠶᠢᠨ ᠰᠢᠨ᠎ᠡ ᠬᠦᠴᠦᠨ ᠪᠣᠯᠪᠠ︔ | ᠲᠡᠳᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠪᠠᠴᠢᠮ | ᠪᠡᠷᠬᠡ ᠠᠶᠤᠯᠲᠠᠶ ᠬᠦᠨᠳᠦ ᠡᠭᠦᠷᠭᠡ ᠶᠢᠨ ᠳᠤᠮᠳᠠ ᠡᠮᠦᠨ᠎ᠡ ᠨᠢ ᠭᠠᠪᠰᠢᠭᠠᠶᠢᠯᠠᠨ ᠣᠷᠣᠵᠤ᠂ ᠡᠬᠡ ᠣᠷᠣᠨ ᠪᠠ ᠠᠷᠠᠳ | ᠲᠦᠮᠡᠨ ᠤ ᠬᠡᠷᠡᠭᠴᠡᠭᠡ ᠲᠠᠢ ᠴᠠᠭ ᠮᠥᠴᠡ ᠳᠤ ᠴᠡᠭᠡᠵᠢ ᠲᠦᠷᠢᠨ ᠭᠠᠷᠴᠤ ᠢᠷᠡᠪᠡ︔ ᠲᠡᠳᠡ ᠡᠬᠡ ᠤᠯᠤᠰ ᠤᠨ ᠢᠶᠠᠨ | ᠬᠠᠷᠠᠭᠤᠯ ᠤᠨ ᠪᠠᠶᠢᠷᠢ ᠶᠢ ᠬᠠᠮᠠᠭᠠᠯᠠᠬᠤ ᠳᠤ ᠰᠦᠷ ᠵᠢᠪᠬᠤᠯᠠᠩᠲᠠᠢ ᠪᠠᠷ ᠰᠠᠬᠢᠨ ᠬᠠᠮᠠᠭᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠠᠷᠢᠭᠤᠨ ᠲᠤᠩᠭᠠᠯᠠᠭ ᠬᠠᠶᠢᠷ᠎ᠠ᠂ ᠵᠥᠪᠬᠡᠨ ᠳᠤᠮᠳᠠᠳᠤ ᠤᠯᠤᠰ ᠤᠨ ᠲᠥᠯᠥᠭᠡ ᠁︾ | ᠭᠡᠳᠡᠭ ᠢ ᠦᠢᠯᠡᠳᠦᠯᠭᠡᠵᠢᠭᠦᠯᠵᠡᠢ᠃ ᠲᠡᠳᠡ ᠡᠯ᠎ᠡ ᠠᠵᠢᠯ ᠲᠦᠷᠦᠯ᠂ ᠡᠯ᠎ᠡ ᠹᠷᠣᠨᠲ ᠲᠤ ᠴᠢᠷᠮᠠᠶᠢᠨ ᠲᠡᠮᠡᠴᠡᠵᠦ᠂ | ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠦᠬᠦ ᠡᠪᠯᠡᠯ ᠳᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | ᠬᠥᠬᠢᠭᠦᠯᠦᠭᠳᠡᠨ ᠰᠠᠶᠢᠰᠢᠶᠠᠭᠳᠠᠬᠤ ᠡᠲᠡᠭᠡᠳ ᠤᠨ ᠳᠣᠲᠣᠷ᠎ᠠ᠂ 81 ᠬᠠᠮᠲᠤ ᠨᠡᠶᠢᠳᠡ᠂ 151 ᠬᠤᠪᠢ ᠬᠥᠮᠦᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠲᠤᠪᠤᠶᠢᠮ᠎ᠠ ᠢᠯᠡᠷᠡᠯ ᠲᠠᠢ ᠪᠠᠶᠢᠵᠤ᠂ 62 ᠬᠠᠮᠲᠤ | ᠨᠡᠶᠢᠳᠡ ᠪᠠ ᠬᠤᠪᠢ ᠬᠥᠮᠦᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠴᠦ | ᠡᠭᠦᠳᠦᠨ ᠪᠦᠲᠦᠭᠡᠬᠦ ᠶᠠᠪᠤᠴᠠ ᠳᠤ ᠴᠡᠭᠡᠵᠢ ᠳᠦᠷᠢᠨ ᠬᠠᠷᠢᠭᠤᠴᠠᠯᠭ᠎ᠠ ᠡᠭᠦᠷᠭᠡᠯᠡᠵᠦ᠂ ᠲᠣᠰᠬᠤᠨ ᠳᠤ ᠰᠠᠭᠤᠭ᠎ᠠ 19 | ᠨᠢᠭᠡᠳᠦᠭᠡᠷ ᠱᠦᠵᠢ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ ᠵᠠᠭᠤ ᠰᠢᠬᠠᠮ | ᠬᠠᠮᠲᠤ ᠨᠡᠶᠢᠳᠡ ᠪᠠ ᠬᠤᠪᠢ ᠬᠥᠮᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ | ᠱᠠᠲᠤᠨ ᠤ ᠵᠠᠰᠠᠯᠲᠠ ᠶᠢᠨ ᠡᠮᠦᠨ᠎ᠡ ᠹᠷᠣᠨᠲ ᠲᠤ ᠬᠦᠴᠦ ᠬᠥᠯᠥᠰᠥ ᠪᠠᠨ ᠤᠷᠤᠰᠬᠠᠵᠤ᠂ ᠥᠪᠡᠷ ᠢ ᠪᠠᠨ ᠢᠲᠡᠭᠡᠵᠦ | ᠥᠪᠡᠷ ᠢ ᠪᠠᠨ ᠬᠦᠴᠦᠷᠬᠡᠭᠵᠢᠭᠦᠯᠬᠦ᠂ ᠢᠳᠡᠷᠡᠭᠦᠨ ᠳᠣᠷᠪᠢᠲᠠᠢ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠨ | ᠢᠯᠡᠷᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠥᠬᠢᠭᠦᠯᠦᠯ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ | ᠪᠠ ᠰᠢᠯᠭᠠᠷᠠᠭᠤᠯᠤᠯᠲᠠ ᠶᠢᠨ ᠨᠥᠬᠦᠴᠡᠯ ᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠬᠢᠨᠠᠨ ᠬᠠᠷᠭᠤᠭᠤᠯᠬᠤ᠂ | ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠶᠢ ᠪᠠᠷᠢᠮᠲᠠᠯᠠᠨ᠂ ᠴᠢᠬᠤᠯᠠ ᠶᠡᠭᠡ ᠲᠡᠮᠡᠴᠡᠯ᠂ ᠴᠢᠬᠤᠯᠠ | ᠶᠡᠭᠡ ᠵᠦᠢᠯᠡᠰ᠂ ᠴᠢᠬᠤᠯᠠ ᠶᠡᠭᠡ ᠬᠡᠷᠡᠭ ᠶᠠᠪᠤᠳᠠᠯ ᠤᠨ ᠳᠤᠮᠳᠠ ᠲᠣᠪᠤᠶᠢᠮ᠎ᠠ ᠢᠯᠡᠷᠡᠯ ᠲᠠᠢ ᠵᠣᠬᠢᠶᠠᠨ ᠪᠠᠶᠢᠭᠤᠯᠤᠯᠲᠠ | ᠪᠠ ᠬᠤᠪᠢ ᠬᠥᠮᠦᠨ ᠢ ᠤᠷᠮᠠᠰᠢᠭᠤᠯᠤᠨ ᠵᠣᠷᠢᠭᠵᠢᠭᠤᠯᠬᠤ ᠶᠢ ᠴᠢᠬᠤᠯᠠᠴᠢᠯᠠᠪᠠ᠃ ᠬᠥᠬᠢᠭᠦᠯᠦᠭᠳᠡᠨ | ᠰᠠᠶᠢᠰᠢᠶᠠᠭᠳᠠᠭᠰᠠᠨ ᠬᠠᠮᠲᠤ ᠨᠡᠶᠢᠳᠡ ᠪᠠ ᠬᠤᠪᠢ ᠬᠥᠮᠦᠨ ᠪᠣᠯ ᠶᠡᠭᠡ ᠰᠤᠷᠭᠠᠭᠤᠯᠢ ᠳᠤᠮᠳᠠ ᠵᠡᠷᠭᠡ ᠶᠢᠨ | ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠠᠮ ᠵᠠᠰᠠᠭ ᠤᠨ ᠪᠠᠶᠢᠭᠤᠯᠭ᠎ᠠ᠂ ᠬᠤᠳᠠ | ᠬᠥᠳᠡᠭᠡ ᠶᠢᠨ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠴᠢᠯᠥᠭᠡᠯᠡᠬᠦ ᠴᠡᠷᠢᠭ ᠵᠡᠷᠭᠡ ᠡᠯ᠎ᠡ | ᠲᠠᠯ᠎ᠠ ᠠᠴᠠ ᠢᠷᠡᠭᠰᠡᠨ ᠪᠣᠯᠬᠤᠷ ᠥᠷᠭᠡᠨ ᠳᠡᠯᠭᠡᠷ ᠲᠥᠯᠥᠭᠡᠯᠡᠬᠦ ᠴᠢᠨᠠᠷ ᠲᠠᠢ ᠶᠤᠮ᠃ | ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠵᠤ ᠪᠠᠶᠢᠨ᠎ᠠ | ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ | ᠤᠯᠤᠰ ᠤᠨ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠠᠴᠠ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ | ᠥᠷᠭᠡᠨ ᠤᠯᠠᠨ ᠡᠪᠯᠡᠯ ᠤᠨ ᠭᠡᠰᠢᠭᠦᠨ᠂ ᠡᠪᠯᠡᠯ ᠤᠨ ᠺᠠᠳ᠋ᠷᠴᠤᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠤᠯᠤᠰ ᠭᠡᠷ ᠤᠨ ᠢᠶᠠᠨ ᠬᠠᠶᠢᠷ᠎ᠠ | ᠰᠡᠳᠬᠢᠯᠭᠡ ᠶᠢ ᠵᠤᠵᠠᠭᠠᠳᠬᠠᠵᠤ᠂ ᠤᠷᠤᠭᠰᠢᠯᠠᠨ ᠲᠠᠪᠰᠢᠬᠤ ᠵᠠᠩ ᠰᠤᠷᠲᠠᠯ ᠢ ᠪᠣᠯᠪᠠᠰᠤᠷᠠᠭᠤᠯᠵᠤ᠂ ᠲᠡᠮᠡᠴᠡᠯ ᠤᠨ | ᠲᠦᠷᠢ ᠪᠠᠶᠢᠳᠠᠯ ᠢᠶᠠᠷ ᠵᠠᠯᠠᠭᠤ ᠨᠠᠰᠤ ᠪᠠᠨ ᠬᠥᠭᠵᠢᠭᠡᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ | ᠨᠠᠰᠤ ᠶᠢ ᠬᠥᠰᠡᠷᠳᠡᠭᠦᠯᠬᠦ ᠦᠭᠡᠢ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ᠭᠡᠵᠦ ᠤᠷᠢᠶᠠᠯᠠᠪᠠ︕ | ᠥᠪᠥᠷ ᠮᠣᠩᠭᠤᠯ ᠤᠨ ᠡᠲᠡᠭᠡᠷ ᠬᠠᠮᠲᠤ ᠨᠡᠶᠢᠲᠡ ᠪᠠ ᠬᠤᠪᠢ ᠬᠥᠮᠦᠨ ᠨᠡᠷᠡᠰ ᠤᠨ ᠵᠢᠭᠰᠠᠭᠠᠯᠲᠠ ᠳᠤ ᠨᠡᠷ᠎ᠡ | ᠠᠯᠳᠠᠷᠰᠢᠵᠠᠶ | ᠪᠦᠬᠦ ᠤᠯᠤᠰ ᠤᠨ ᠲᠠᠪᠤᠨ ᠰᠠᠷ᠎ᠠ ᠶᠢᠨ ᠳᠦᠷᠪᠡᠨ ᠤ ᠤᠯᠠᠭᠠᠨ ᠲᠤᠭ ᠤᠨ ᠡᠪᠯᠡᠯ ᠤᠨ ᠬᠤᠷᠢᠶ᠎ᠠ ᠤᠨ ᠨᠡᠷᠡᠰ | ︵ᠥᠪᠥᠷ ᠮᠣᠩᠭᠤᠯ ᠳᠤ ᠨᠡᠶᠢᠲᠡ 6 ᠪᠣᠶ︶ | | ᠪᠦᠬᠦ ᠤᠯᠤᠰ ᠤᠨ ᠲᠠᠪᠤᠨ ᠰᠠᠷ᠎ᠠ ᠶᠢᠨ ᠲᠦᠷᠪᠡᠨ ᠤ ᠤᠯᠠᠭᠠᠨ ᠲᠤᠭ ᠤᠨ ᠡᠪᠯᠡᠯ ᠤᠨ ᠡᠭᠦᠷ ᠤᠨ ᠨᠡᠷᠡᠰ | ︵ᠥᠪᠥᠷ ᠮᠣᠩᠭᠤᠯ ᠳᠤ ᠨᠡᠶᠢᠲᠡ 7 ᠪᠣᠶ︶ | | ᠪᠦᠬᠦ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠭᠡᠰᠢᠭᠦᠨ ᠤ ᠨᠡᠷᠡᠰ | ︵ᠥᠪᠥᠷ ᠮᠣᠩᠭᠤᠯ ᠳᠤ ᠨᠡᠶᠢᠲᠡ 7 ᠬᠥᠮᠦᠨ ᠪᠣᠢ︶ | | ᠪᠦᠬᠦ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠺᠠᠳ᠋ᠷ ᠤᠨ ᠨᠡᠷᠡᠰ | ︵ᠥᠪᠥᠷ ᠮᠣᠩᠭᠤᠯ ᠳᠤ ᠨᠡᠶᠢᠲᠡ 5 ᠬᠥᠮᠦᠨ ᠪᠣᠢ︶ | | |