ᠬᠦᠷᠢᠶ᠎ᠡ ᠬᠤᠰᠢᠭᠤ᠄ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠵᠤ  ᠪᠠᠶᠢᠬᠤ
ᠨᠡᠶᠢᠲᠡᠯᠡᠭᠰᠡᠨ ᠴᠠᠭ᠄
2023/5/4
 
   2023 ᠣᠨ ᠳᠤ᠂ ᠬᠦᠷᠢᠶ᠎ᠡ ᠬᠤᠰᠢᠭᠤ ︽ᠪᠥᠬᠦ ᠣᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠᠷ ᠬᠠᠷᠠᠯᠲᠠ ᠪᠣᠯᠭᠠᠵᠤ᠂ ︽ᠭᠠᠷᠠᠭ ᠤᠨ ᠰᠡᠭᠦᠯᠴᠢ ᠳᠤ ᠬᠦᠷᠢᠶ᠎ᠡ ᠪᠠᠷ ᠵᠢᠭᠤᠯᠴᠢᠯᠠᠬᠤ︾ ᠪᠠᠷ ᠭᠠᠷᠳᠠᠴᠠ ᠪᠣᠯᠭᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠷᠠᠭ ᠤᠨ ᠰᠡᠭᠦᠯᠴᠢ ᠳᠤ ᠬᠦᠷᠢᠶ᠎ᠡ ᠪᠠᠷ ᠵᠢᠭᠤᠯᠴᠢᠯᠠᠬᠤ ᠣᠯᠠᠨ ᠵᠠᠮ ᠱᠤᠭᠤᠮ ᠢ ᠲᠥᠯᠦᠪᠯᠡᠪᠡ︔ ᠡᠯ᠎ᠡ ᠵᠦᠢᠯ ᠤᠨ ᠪᠠᠶᠠᠯᠢᠭ ᠰᠠᠶᠢᠬᠠᠨ ᠰᠣᠶᠣᠯ ᠤᠨ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ᠂ ᠪᠦᠬᠦ ᠵᠢᠯ ᠳᠤ 43 ᠵᠦᠢᠯ ᠤᠨ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ ᠭᠠᠷᠠᠭ ᠪᠦᠷᠢ ᠳᠤ ᠠᠵᠢᠯᠯᠠᠭ᠎ᠠ ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠠᠪᠤᠷ ᠵᠣᠨ ᠨᠠᠮᠤᠷ ᠡᠪᠦᠯ ᠪᠥᠬᠦ ᠵᠢᠯ ᠳᠤ ᠬᠥᠭᠵᠢᠯ ᠥᠬᠡᠶ ᠤᠯᠠᠷᠢᠯ ᠥᠬᠡᠶ᠂ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ᠂ ︽ᠭᠠᠷᠠᠭ ᠤᠨ ᠰᠡᠭᠦᠯᠴᠢ ᠳᠤ ᠬᠦᠷᠢᠶ᠎ᠡ ᠪᠠᠷ ᠵᠢᠭᠤᠯᠴᠢᠯᠠᠬᠤ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号