ᠣᠶᠢᠷ᠎ᠠ ᠶᠢᠨ ᠡᠳᠦᠷ ᠤᠳ ᠲᠤ᠂ ᠡᠯᠡᠰᠦᠨ ᠪᠠᠯᠭᠠᠰᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠥᠪᠴᠢ ᠪᠠᠨ | ᠴᠢᠩᠭᠠᠯᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭᠠᠳᠬᠠᠨ᠂ ᠪᠠᠯᠭᠠᠰᠤᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠭᠠᠴᠠᠭᠠᠨ ᠤ ᠤᠰᠤᠨ ᠰᠤᠪᠠᠭ ᠵᠠᠰᠠᠨ | ᠪᠠᠶᠢᠭᠤᠯᠬᠤ ᠶᠠᠪᠤᠳᠠᠯ ᠢ ᠢᠳᠡᠪᠬᠢᠲᠡᠶ ᠪᠠᠷ ᠵᠣᠬᠢᠴᠠᠭᠤᠯᠵᠤ᠂ ᠤᠰᠤᠲᠤᠭᠰᠠᠨ ᠭᠠᠴᠠᠭ᠎ᠠ ᠳᠤ ᠤᠯᠠᠨ ᠤᠳᠠᠭ᠎ᠠ | ᠭᠦᠨᠵᠡᠭᠡᠶᠢᠷᠡᠨ᠂ ᠤᠰᠤᠨ ᠰᠤᠪᠠᠭ ᠵᠠᠰᠠᠬᠤ᠂ ᠬᠠᠰᠢᠯᠭ᠎ᠠ ᠳᠠᠯᠠᠩ ᠢ ᠪᠠᠬᠢᠯᠡᠬᠦ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠤᠰᠤᠨ ᠰᠤᠪᠠᠭ ᠵᠠᠰᠠᠵᠦ ᠦᠶᠡᠷ ᠢ ᠰᠡᠷᠭᠡᠶᠢᠯᠡᠨ ᠤᠰᠤᠲᠤᠯ ᠢ ᠵᠠᠯᠠᠵᠤ ᠭᠠᠮᠰᠢᠭ ᠢ | ᠪᠠᠭᠠᠰᠬᠠᠬᠤ ᠴᠢᠳᠠᠮᠵᠢ ᠶᠢ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ | ᠬᠠᠯᠬᠠᠪᠴᠢ︾ ᠶᠢ ᠪᠦᠬᠦ ᠬᠦᠴᠦᠨ ᠢᠶᠠᠷ ᠢᠶᠠᠨ ᠪᠠᠲᠤ ᠪᠠᠬᠢ ᠪᠠᠶᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ | ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠪᠠᠷ ᠴᠢᠷᠮᠠᠶᠢᠵᠤ ᠪᠠᠶᠢᠨ᠎ᠠ᠃ | | | |