ᠣᠶᠢᠷ᠎ᠠ ᠶᠢᠨ ᠡᠳᠦᠷ ᠤᠳ ᠲᠤ᠂ ᠬᠦᠷᠢᠶ᠎ᠡ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ | ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠥᠨ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ | ᠲᠠᠷᠢᠯᠭ᠎ᠠ ᠶᠢ ᠰᠠᠶᠢᠳᠤᠷ ᠳᠠᠷᠢᠵᠤ᠂ ᠮᠠᠯ ᠠᠵᠤ ᠠᠬᠤᠢ ᠶᠢᠨ ᠬᠢᠵᠢᠭ ᠢ ᠰᠡᠷᠭᠡᠶᠢᠯᠡᠬᠦ ︽ᠠᠮᠤᠷ ᠲᠦᠪᠰᠢᠨ ᠤ ᠲᠣᠣᠷ︾ | ᠢ ᠪᠠᠲᠤ ᠰᠦᠯᠵᠢᠵᠤ ᠪᠠᠶᠢᠨ᠎ᠠ᠃ | ᠣᠶᠢᠯᠠᠭᠠᠭᠰᠠᠨ ᠢᠶᠠᠷ᠂ ᠬᠦᠷᠢᠶ᠎ᠡ ᠬᠤᠰᠢᠭᠤᠨ ᠳᠤ ᠣᠲᠣ ᠮᠠᠯ ᠵᠢᠭᠦᠷᠲᠡᠨ ᠲᠡᠵᠢᠭᠡᠨ ᠦᠷᠡᠵᠢᠭᠦᠯᠵᠤ ᠪᠠᠶᠢᠭ᠎ᠠ | ᠡᠷᠦᠬᠡ 2 ᠲᠦᠮᠡ ᠭᠠᠷᠤᠢ ᠪᠠᠶᠢᠵᠤ᠂ ᠦᠬᠡᠷ 41 ᠲᠦᠮᠡ᠂ ᠬᠤᠨᠢ 40 ᠲᠦᠮᠡ᠂ ᠭᠠᠭ᠋ᠠᠢ 8 ᠲᠦᠮᠡ ᠪᠤᠢ᠃ | ᠣᠳᠣ ᠪᠣᠯᠲᠠᠯ᠎ᠠ᠂ ᠬᠦᠷᠢᠶ᠎ᠡ ᠬᠤᠰᠢᠭᠤᠨ ᠤ 210 ᠬᠢᠵᠢᠭ ᠰᠡᠷᠭᠡᠶᠢᠯᠡᠭᠴᠢ 25 ᠲᠦᠮᠡᠨ ᠡᠭᠡᠯᠢᠯᠡᠭᠡ ᠶᠢᠨ ᠲᠠᠷᠢᠯᠭ᠎ᠠ | ᠬᠢᠵᠠᠢ᠃ ᠬᠠᠪᠤᠷ ᠤᠨ ᠤᠯᠠᠷᠢᠯ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠶᠢᠨ ᠠᠵᠢᠯ ᠢ | ᠲᠥᠪᠯᠡᠷᠡᠭᠦᠯᠦᠨ ᠦᠷᠨᠢᠭᠦᠯᠬᠦ ᠶᠢᠨ ᠬᠠᠮᠲᠤ᠂ ᠬᠦᠷᠢᠶ᠎ᠡ ᠬᠤᠰᠢᠭᠤ ᠪᠠᠰᠠ ᠬᠢᠵᠢᠭ ᠢ ᠰᠡᠷᠭᠡᠶᠢᠯᠡᠬᠦ ᠲᠦᠷᠦ ᠶᠢᠨ | ᠪᠣᠳᠣᠯᠭ᠎ᠠ ᠶᠢᠨ ᠮᠡᠳᠡᠯᠭᠡ ᠶᠢ ᠢᠳᠡᠪᠬᠢᠲᠡᠢ ᠤᠬᠠᠭᠤᠯᠵᠤ᠂ ᠸᠠᠺᠼᠢᠨ ᠤ ᠲᠣᠬᠢᠷᠠᠭᠤᠯᠤᠯᠲᠠ᠂ ᠬᠡᠷᠡᠭᠯᠡᠯᠲᠡ ᠶᠢᠨ | ᠬᠠᠮᠢᠶᠠᠷᠤᠯᠲᠠ ᠪᠠ ᠦᠷ᠎ᠡ ᠪᠦᠲᠦᠮᠵᠢ ᠶᠢᠨ ᠮᠦᠷᠳᠡᠯᠲᠡ ᠶᠢ ᠴᠢᠩᠭᠠᠳᠬᠠᠨ᠂ ᠮᠡᠷᠭᠡᠵᠢᠯ ᠤᠨ ᠪᠣᠯᠪᠠᠰᠤᠷᠠᠯ ᠪᠠ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠬᠦᠷᠢᠶ᠎ᠡ ᠬᠤᠰᠢᠭᠤᠨ ᠤ ᠮᠠᠯ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ | ᠪᠦᠲᠦᠮᠵᠢᠲᠡᠢ ᠪᠠᠲᠤᠯᠠᠵᠤ ᠪᠠᠶᠢᠨ᠎ᠠ᠃ | | | | ᠵᠢᠷᠤᠭ ᠪᠤᠯ ᠪᠦᠯᠢᠶᠡᠨ ᠭᠠᠴᠠᠭᠠᠨ ᠳᠤ ᠬᠤᠨᠢᠨ ᠳᠤ ᠬᠢᠵᠢᠭ ᠢ ᠰᠡᠷᠭᠡᠶᠢᠯᠡᠬᠦ ᠲᠠᠷᠢᠯᠭ᠎ᠠ ᠬᠢᠵᠦ ᠪᠠᠶᠢᠭ᠎ᠠ ᠨᠢ᠃ | ᠲᠤᠰ ᠰᠣᠨᠢᠨ ᠤ ᠰᠣᠷᠪᠤᠯᠵᠢᠯᠠᠭᠴᠢ ᠪᠦᠦ ᠴᠢᠩ ᠱᠧᠩ ᠴᠢᠮᠡᠭᠡᠯᠡᠭᠴᠢ ᠠᠯᠮᠡᠰ ᠫᠧᠢ ᠰᠢ ᠰᠡᠬᠦᠳᠡᠷᠯᠡᠪᠡ |