| | 5 ᠰᠠᠷ᠎ᠠ ᠶᠢᠨ 5 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠯᠢ ᠸᠧᠶ ᠬᠦᠷᠢᠶ᠎ᠡ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠠᠵᠢᠯᠯᠠᠪᠠ᠃ ᠶᠠᠩ ᠯᠢ ᠸᠧᠢ | ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠠᠷᠢᠨ | ᠣᠶᠢᠯᠠᠭᠠᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ | ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠪᠣᠯᠤᠨ ᠪᠣᠯᠪᠠᠰᠤᠨ ᠢᠶᠠᠷ ᠪᠠᠷᠢᠯᠭ᠎ᠠ ᠶᠢᠨ | ᠠᠵᠢᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯ | ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠥᠬᠡᠶ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨᠬᠦ ᠤᠷᠢᠳᠠᠪᠠᠷ ᠬᠢᠵᠦ᠂ ᠭᠦᠢᠴᠡᠳ ᠬᠢᠵᠦ᠂ | ᠪᠣᠳᠠᠲᠠᠶᠢᠵᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠮᠤᠷ ᠲᠦᠪᠰᠢᠨ ᠲᠣᠭᠲᠠᠭᠤᠨ ᠡᠮᠬᠢ | ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃ |