2023 ᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/6
ᠪᠥᠬᠦ ᠬᠤᠰᠢᠭᠤᠨ ᠤ ᠥᠷᠭᠡᠨ ᠣᠯᠠᠨ ᠲᠦᠮᠡᠨ ᠳᠤ᠄    ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ 2009 ᠣᠨ ᠠᠴᠠ ᠡᠬᠢᠯᠡᠨ᠂ ᠵᠢᠯ ᠪᠦᠷᠢ ᠶᠢᠨ 5 ᠰᠠᠷ᠎ᠠ ᠶᠢᠨ 12 ᠤᠨ ᠡᠳᠦᠷ ᠢ ᠪᠦᠬᠦ ᠤᠯᠤᠰ ᠤᠨ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠪᠣᠯᠭᠠᠪᠠ᠃ 15 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠪᠢᠳᠡ ᠲᠥᠪ ᠴᠢᠩᠭ᠎ᠠ ᠪᠠᠷ ᠰᠠᠨᠠᠭᠠᠴᠢᠯᠠᠭ᠎ᠠ ᠭᠠᠷᠭᠠᠪᠠ᠄ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠶ᠎ᠡ︕    ᠨᠢᠭᠡ᠂ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠲᠤᠬᠠᠶ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠭᠠᠶ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠨ᠎ᠠ᠃ ᠪᠢᠳᠡ ᠲᠤᠰ ᠪᠡᠶ᠎ᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠳᠡᠷᠭᠡᠳᠡᠬᠢ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠪᠠᠴᠢᠮ ᠠᠪᠤᠷᠠᠯᠲᠠ ᠶᠢᠨ ᠵᠠᠮ ᠱᠤᠭᠤᠮ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠤᠨ ᠣᠷᠣᠨ ᠪᠠᠶᠢᠷᠢ ᠶᠢ ᠰᠠᠶᠢᠨ ᠮᠡᠳᠡᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠰᠠᠶᠢᠲᠤᠷ ᠪᠡᠯᠡᠳᠬᠡᠵᠦ᠂ ᠭᠠᠶ ᠭᠠᠮᠰᠢᠭ ᠢ ᠰᠡᠷᠭᠡᠶᠢᠯᠡᠬᠦ ᠪᠠᠷ ᠭᠤᠤᠯ ᠪᠣᠯᠭᠠᠬᠤ ᠦᠵᠡᠯ ᠰᠠᠨᠠᠭ᠎ᠠ ᠶᠢ ᠪᠣᠳᠠᠲᠠᠶ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠦᠨᠳᠦ ᠶᠡᠭᠡ ᠣᠨᠴᠠ ᠶᠡᠭᠡ ᠠᠳᠡᠯ ᠤᠨ ᠭᠠᠶ ᠭᠠᠮᠰᠢᠭ ᠢ ᠬᠤᠷᠢᠭᠯᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃            ᠬᠤᠶᠠᠷ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠰᠤᠷᠤᠯᠴᠠᠵᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠪᠠᠨ ᠳᠡᠭᠡᠭᠰᠢᠭᠦᠯᠦᠨ᠎ᠡ᠃ ᠪᠢᠳᠡ ᠰᠠᠨᠠᠭᠠᠴᠢᠯᠠᠭ᠎ᠠ ᠠᠴᠠ ᠪᠠᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠤᠷ ᠰᠦᠯᠵᠢᠶ᠎ᠡ᠂ ᠨᠣᠮ ᠪᠢᠴᠢᠭ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠭᠠᠵᠠᠷ ᠬᠥᠳᠡᠯᠦᠯᠲᠡ᠂ ᠭᠠᠯ ᠤᠨ ᠭᠠᠮᠰᠢᠭ᠂ ᠦᠶᠡᠷ ᠤᠨ ᠤᠰᠤ᠂ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ ᠵᠡᠷᠭᠡ ᠭᠠᠶ ᠭᠠᠮᠰᠢᠭ ᠤᠨ ᠣᠨᠴᠠᠯᠢᠭ ᠢ ᠰᠤᠷᠤᠯᠴᠠᠨ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠵᠡᠷᠭᠡ ᠦᠨᠳᠦᠰᠦᠨ ᠮᠡᠳᠡᠯᠭᠡ ᠪᠠ ᠦᠨᠳᠦᠰᠦᠨ ᠤᠷ᠎ᠠ ᠴᠢᠳᠠᠪᠤᠷᠢ ᠶᠢ ᠡᠵᠡᠮᠰᠢᠵᠦ᠂ ᠭᠠᠶ ᠭᠠᠮᠰᠢᠭ ᠲᠤ ᠲᠤᠯᠭᠠᠷᠠᠬᠤ ᠦᠶ᠎ᠡ ᠳᠤ ᠰᠠᠶ᠋ᠢ ᠰᠠᠮᠠᠭᠤᠷᠠᠬᠤ ᠦᠭᠡᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ ᠴᠢᠳᠠᠨ᠎ᠠ᠃    ᠭᠤᠷᠪᠠ᠂ ᠪᠦᠬᠦ ᠠᠷᠠᠳ ᠢᠶᠠᠷ ᠢᠶᠠᠨ ᠢᠳᠡᠪᠬᠢᠲᠡᠶ ᠣᠷᠣᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠨ᠎ᠠ᠃ ᠪᠢᠳᠡ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠠᠰᠠᠭ ᠤᠨ ᠣᠷᠳᠣᠨ᠂ ᠰᠤᠷᠭᠠᠭᠤᠯᠢ ᠪᠠ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠭᠠᠮᠰᠢᠭ ᠠᠴᠠ ᠵᠠᠶᠢᠯᠠᠬᠤ᠂ ᠠᠶᠤᠯ ᠠᠴᠠ ᠵᠠᠶᠢᠯᠠᠬᠤ ᠰᠣᠷᠢᠯᠲᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠠᠷᠭ᠎ᠠ ᠤᠬᠠᠭᠠᠨ ᠭᠠᠷᠭᠠᠵᠤ᠂ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ᠂ ᠬᠥᠮᠦᠨ ᠪᠦᠬᠦᠨ ᠣᠷᠣᠯᠴᠠᠬᠤ︾ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠣᠳᠠᠲᠤ ᠬᠦᠴᠦᠨ ᠢᠶᠠᠨ ᠬᠠᠮᠲᠤ ᠪᠠᠷ ᠳᠡᠭᠡᠭᠰᠢᠯᠡᠭᠦᠯᠬᠦ ᠬᠡᠷᠡᠭᠲᠡᠶ᠃    ᠳᠥᠷᠪᠡ᠂ ᠬᠡᠷ ᠪᠦᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠭᠠᠶ ᠭᠠᠮᠰᠢᠭ ᠢ ᠠᠷᠭᠠᠴᠠᠬᠤ ᠪᠡᠯᠡᠳᠬᠡᠯ ᠢ ᠰᠠᠶᠢᠲᠤᠷ ᠬᠢᠨ᠎ᠡ᠃ ᠪᠢᠳᠡ ᠲᠣᠭᠲᠠᠭᠠᠯ ᠶᠣᠰᠣᠭᠠᠷ ᠬᠡᠢ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠲᠥᠬᠦᠭᠡᠷᠦᠮᠵᠢ ᠶᠢ ᠤᠭᠰᠠᠷᠠᠵᠤ ᠬᠡᠷᠡᠭᠯᠡᠬᠦ ᠬᠡᠷᠡᠭᠲᠡᠶ︔ ᠭᠡᠷ ᠪᠠᠶᠢᠰᠢᠩ ᠤᠨ ᠪᠦᠲᠦᠴᠡ ᠶᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ ᠦᠭᠡᠢ︔ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠵᠦ ᠪᠣᠯᠬᠤ ᠥᠬᠡᠶ᠂ ᠠᠰᠠᠷ ᠤᠨ ᠬᠤᠩᠭᠢᠯ᠂ ᠠᠰᠠᠷ ᠤᠨ ᠱᠠᠲᠤ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠯᠳᠡᠪ ᠶᠠᠭᠤᠮ᠎ᠠ ᠶᠢ ᠣᠪᠣᠭᠠᠯᠠᠨ ᠲᠠᠯᠪᠢᠬᠤ ᠶᠢ ᠡᠷᠡᠰ ᠬᠤᠷᠢᠭᠯᠠᠬᠤ ᠬᠡᠷᠡᠭᠲᠡᠶ︔ ᠭᠡᠷ ᠲᠡᠭᠡᠨ ᠨᠣᠴᠣᠮᠠᠲᠠᠭᠠᠶ ᠰᠢᠲᠠᠮᠠᠬᠠᠶ ᠪᠣᠳᠠᠰ ᠢ ᠬᠠᠳᠠᠭᠠᠯᠠᠬᠤ ᠦᠭᠡᠢ᠂ ᠢᠯᠡ ᠭᠠᠯ ᠢ ᠬᠡᠷᠡᠭᠯᠡᠬᠦ ᠳᠤ ᠠᠶᠤᠯ ᠦᠭᠡᠢ ᠪᠠᠶᠢᠬᠤ ᠶᠢ ᠠᠩᠬᠠᠷᠴᠤ᠂ ᠤᠬᠠᠮᠰᠠᠷ ᠠᠴᠠ ᠪᠠᠨ ᠭᠠᠯ ᠬᠡᠷᠡᠭᠯᠡᠬᠦ ᠳᠤ ᠬᠥᠮᠦᠨ ᠨᠢ ᠰᠠᠯᠬᠤ ᠦᠭᠡᠢ ᠳᠠᠳᠬᠠᠯ ᠢ ᠪᠣᠢ ᠪᠣᠯᠭᠠᠨ᠎ᠠ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ ᠬᠤᠩᠭᠢᠯ ᠪᠠ ᠬᠡᠷ ᠳᠣᠲᠤᠷ᠎ᠠ ᠴᠠᠬᠢᠯᠭᠠᠨ ᠴᠡᠨᠡᠭᠯᠡᠵᠦ ᠪᠣᠯᠬᠤ ᠥᠬᠡᠶ︔ ᠬᠡᠷ ᠪᠦᠯᠢ ᠶᠢᠨ ᠭᠠᠶ ᠭᠠᠮᠰᠢᠭ ᠢ ᠠᠷᠭᠠᠴᠠᠬᠤ ᠪᠡᠯᠡᠳᠬᠡᠯ ᠢ ᠢᠳᠡᠪᠬᠢᠲᠡᠶ ᠰᠠᠶᠢᠲᠤᠷ ᠬᠢᠵᠦ᠂ ᠬᠡᠷ ᠪᠦᠯᠢ ᠶᠢᠨ ᠲᠦᠷᠭᠡᠨ ᠠᠪᠤᠷᠠᠯᠳᠠ ᠶᠢᠨ ᠬᠠᠶᠢᠷᠴᠠᠭ᠂ ᠠᠮᠢ ᠵᠢᠭᠤᠲᠠᠬᠤ ᠳᠡᠭᠡᠰᠦ᠂ ᠷᠠᠳᠢᠣ᠋᠂ ᠭᠠᠷ ᠳ᠋ᠧᠩ᠂  ᠱᠦᠭᠯᠦ᠂ ᠭᠠᠯ ᠤᠨᠲᠠᠷᠠᠭᠠᠭᠤᠷ ᠂ ᠪᠠᠶᠢᠩᠭᠤ ᠬᠡᠷᠡᠭᠯᠡᠬᠦ ᠡᠮ ᠤᠨ ᠵᠦᠢᠯ ᠵᠡᠷᠭᠡ ᠭᠠᠮᠰᠢᠭ ᠢ ᠪᠠᠭᠠᠰᠬᠠᠬᠤ ᠪᠠᠭᠠᠵᠢ ᠬᠡᠷᠡᠭᠰᠡᠯ ᠪᠠ ᠠᠪᠤᠷᠠᠯᠳᠠ ᠶᠢᠨ ᠡᠳ᠋ ᠪᠣᠳᠠᠰ ᠢ ᠤᠬᠠᠮᠰᠠᠷ ᠠᠴᠠ ᠪᠠᠨ ᠳᠣᠭᠢᠷᠠᠭᠤᠯᠬᠤ ᠬᠡᠷᠡᠭᠲᠡᠶ︔ ᠬᠡᠦᠬᠡᠳ ᠢ ᠰᠤᠷᠭᠠᠨ ᠬᠥᠮᠦᠵᠢᠭᠦᠯᠵᠦ ᠪᠠᠶᠢᠭᠠᠳ ᠥᠪᠡᠷ ᠢ ᠪᠠᠨ ᠠᠪᠤᠷᠠᠬᠤ ᠮᠡᠷᠭᠡᠵᠢᠯ ᠪᠣᠯᠤᠨ ᠠᠮᠤᠷ ᠲᠦᠪᠰᠢᠨ ᠤ ᠮᠡᠳᠡᠯᠭᠡ ᠶᠢ ᠰᠤᠷᠤᠯᠴᠠᠭᠤᠯᠵᠤ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠭᠤᠯᠵᠤ᠂ ᠭᠤᠣᠯ ᠤᠨ ᠬᠥᠪᠡᠭᠡ᠂ ᠤᠰᠤᠨ ᠴᠥᠭᠦᠷᠥᠮ ᠳᠤ ᠣᠴᠢᠵᠤ ᠨᠠᠭᠠᠳᠬᠤ ᠪᠤᠶᠤ ᠤᠰᠤᠨ ᠳᠤ ᠤᠮᠪᠠᠭ᠋ᠤ ᠦᠭᠡᠢ ᠪᠠᠶᠢᠯᠭᠠᠵᠤ᠂ ᠭᠡᠷ ᠪᠦᠯᠢ ᠨᠢᠭᠡᠪᠦᠷᠢ ᠶᠢ ᠪᠦᠬᠦ ᠨᠡᠶᠢᠭᠡᠮ ᠤᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠪᠠᠲᠤ ᠴᠢᠩᠭ᠎ᠠ ᠬᠦᠴᠦᠨ ᠪᠣᠯᠭᠠᠬᠤ ᠬᠡᠷᠡᠭᠲᠡᠢ᠃    ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ ᠬᠡᠷᠡᠭᠲᠡᠶ᠃ ᠪᠢᠳᠡ ᠳᠠᠷᠦ᠋ᠢᠬᠠᠨ ᠬᠥᠳᠡᠯᠦᠯᠴᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠭᠠᠮᠰᠢᠭ ᠢ ᠡᠰᠡᠷᠭᠦᠴᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠵᠤ᠂ ᠮᠠᠨ ᠤ ᠠᠮᠤᠷ ᠲᠦᠪᠰᠢᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠶ᠎ᠠ︕                               ᠬᠦᠷᠢᠶ᠎ᠡ ᠬᠤᠰᠢᠭᠤᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ                                             2023 ᠣᠨ ᠤ 5 ᠰᠠᠷ᠎ᠠ ᠶᠢᠨ 4
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号