| | | 5 ᠰᠠᠷ᠎ᠠ ᠶᠢᠨ 4 ᠤ ᠡᠳᠦᠷ᠂ ᠬᠤᠰᠢᠭᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠵᠤ ︽ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠳᠠᠨ ᠤᠯᠠᠨ ᠲᠦᠮᠡᠨ ᠳᠤ ︽ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠵᠠᠬᠢᠳᠠᠯ | ᠰᠤᠷᠪᠤᠯᠵᠢᠯᠠᠭ᠎ᠠ ᠶᠢᠨ ᠬᠤᠯᠪᠣᠭᠳᠠᠯ ᠪᠦᠬᠦᠢ ᠮᠡᠳᠡᠯᠭᠡ ᠶᠢ ᠨᠢᠭᠤᠷᠳᠠᠨ ᠤᠬᠠᠭᠤᠯᠬᠤ᠂ ᠲᠤᠬᠠᠶ ᠶᠢᠨ ᠲᠠᠯᠠᠪᠤᠷ ᠲᠤ | ᠠᠰᠠᠭᠤᠨ ᠯᠠᠪᠯᠠᠬᠤ ᠳᠤ ᠬᠠᠷᠢᠭᠤᠯᠲᠠ ᠥᠭᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ | ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ | ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃ | |