5 ᠰᠠᠷ᠎ᠠ ᠶᠢᠨ 1 — 3 ᠤ ᠡᠳᠦᠷ᠂ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ | ᠬᠥᠳᠡᠯᠭᠡᠭᠡᠨ ᠤ ᠬᠤᠯᠪᠣᠭᠠᠲᠤ ᠬᠤᠷᠠᠯ᠂ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ | ᠡᠷᠭᠢᠯᠡᠵᠦ᠂ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠤᠨ ᠬᠤᠯᠪᠣᠭᠠᠲᠤ ᠤᠷᠤᠯᠳᠤᠭᠠᠨ ᠤ ᠡᠵᠡᠩᠨᠡᠯᠲᠡ ᠶᠢᠨ | ᠬᠢᠵᠠᠭᠠᠷᠲᠤ ᠺᠣᠮᠫᠠᠨᠢ᠂ ᠬᠦᠷᠢᠶ᠎ᠡ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠦᠷᠢᠶ᠎ᠡ | ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠠᠮᠵᠢᠯᠴᠠᠨ ᠡᠷᠭᠢᠯᠡᠭᠰᠡᠨ | 2023 ᠤᠨ ᠤ ᠳᠤᠮᠳᠠᠳᠤ ᠤᠯᠤᠰ ᠤᠨ ᠮᠣᠲ᠋ᠣᠷ ᠲᠡᠷᠭᠡᠨ ᠤ ᠪᠠᠷᠳᠠᠭ᠎ᠠ ᠲᠠᠭᠤᠯᠵᠦ ᠮᠠᠩᠯᠠᠶ ᠰᠢᠯᠭᠠᠷᠠᠭᠤᠯᠬᠤ | ᠤᠷᠤᠯᠳᠤᠭᠠᠨ ︵ᠬᠦᠷᠢᠶ᠎ᠡ ᠥᠷᠲᠡᠭᠡ︶ ᠬᠦᠷᠢᠶ᠎ᠡ ᠬᠤᠰᠢᠭᠤᠨ ᠤ ᠮᠦᠩᠭᠦᠨ ᠡᠯᠡᠰᠦᠨ ᠲᠤᠬᠤᠢ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠮᠵᠢᠯᠲᠠ ᠲᠠᠢ ᠶᠠᠪᠤᠭᠳᠠᠪᠠ᠃ ᠳᠤᠮᠳᠠᠳᠤ ᠤᠯᠤᠰ ᠤᠨ ᠮᠠᠰᠢᠨ | ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠲᠤᠰᠬᠠᠶ ᠲᠤᠰᠢᠶᠠᠯᠲᠤ ᠳᠡᠳ᠋ ᠲᠡᠷᠢᠭᠦᠯᠡᠭᠴᠢ | ᠾᠧ ᠵᠢᠶᠠᠨ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠮᠠ ᠬᠤᠶ ᠵᠢᠶ᠂ ᠳᠤᠮᠳᠠᠳᠤ ᠤᠯᠤᠰ ᠤᠨ ᠮᠠᠰᠢᠨ ᠲᠡᠷᠭᠡᠨ ᠤ ᠮᠣᠲ᠋ᠣᠷ ᠤᠨ ᠬᠤᠯᠪᠣᠭᠠᠲᠤ | ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠶ᠎ᠡ ᠶᠢᠨ ᠲᠠᠮᠢᠷ ᠤᠨ ᠬᠡᠯᠲᠡᠰ ᠤᠨ ᠡᠷᠬᠢᠯᠡᠭᠴᠢ ᠬᠥᠩ ᠬᠤᠩ | ᠭᠦᠸᠧ᠂ ᠳᠤᠮᠳᠠᠳᠤ ᠤᠯᠤᠰ ᠤᠨ ᠮᠠᠰᠢᠨ ᠲᠡᠷᠭᠡᠨ ᠤ ᠮᠣᠲ᠋ᠣᠷ ᠤᠨ ᠬᠤᠯᠪᠣᠭᠠᠲᠤ ᠤᠷᠤᠯᠳᠤᠭᠠᠨ ᠤ ᠬᠡᠷᠡᠭ | ᠶᠠᠪᠤᠳᠠᠯ ᠤᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠼᠦᠢ ᠵᠢᠶᠠᠨ ᠵᠢᠶᠦ᠋ᠨ᠂ | ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠪᠠᠢ ᠪᠠᠭᠠᠳᠤᠷ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠮᠢᠩ ᠮᠢᠩ᠂ ᠯᠢᠦ ᠽᠧᠩ ᠰᠢ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | | | | | ᠢᠦᠶ ᠮᠢᠩ ᠮᠢᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠬᠦᠷᠢᠶ᠎ᠡ ᠬᠤᠰᠢᠭᠤ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠤᠷᠤᠯᠳᠤᠭᠠᠨ | ᠪᠠ ᠨᠡᠷᠡᠲᠦ ᠲᠡᠮᠳᠡᠭ ᠤᠨ ᠤᠷᠤᠯᠳᠤᠭᠠᠨ ᠤ ᠶᠠᠪᠤᠳᠠᠯ ᠢ ᠳᠠᠭᠠᠭᠠᠴᠢᠯᠠᠨ ᠡᠷᠬᠢᠯᠡᠬᠦ ᠲᠤᠷᠰᠢᠯᠭ᠎ᠠ ᠶᠢ ᠲᠠᠰᠤᠷᠠᠯᠲᠠ ᠦᠭᠡᠶ | ᠬᠤᠷᠠᠮᠳᠤᠭᠤᠯᠵᠤ᠂ ︽ᠪᠡᠶ᠎ᠡ ᠶᠢᠨ ᠲᠠᠮᠢᠷ ᠤᠨ ᠬᠥᠳᠡᠯᠭᠡᠭᠡᠨ + ᠰᠣᠶᠣᠯ ᠤᠨ ᠵᠢᠭᠤᠯᠴᠢᠯᠠᠯ + ᠵᠤᠭᠠᠴᠠᠨ ᠰᠡᠯᠡᠭᠦᠴᠡᠬᠦ | ︾ ᠶᠢ ᠬᠠᠷᠢᠯᠴᠠᠨ ᠠᠭᠤᠰᠤᠯᠴᠠᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠶᠢ ᠠᠬᠢᠭᠤᠯᠵᠤ᠂ ᠡᠯ᠎ᠡ | ᠵᠦᠢᠯ ᠤᠨ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ | ᠡᠭᠦᠨ ᠢᠶᠠᠷ ᠠᠵᠠ ᠲᠣᠬᠢᠶᠠᠯ ᠪᠣᠯᠭᠠᠵᠤ᠂ ᠮᠣᠲ᠋ᠣᠷ ᠲᠡᠷᠬᠡᠨ ᠤ ᠪᠠᠷᠳᠠᠭᠠᠳᠦ ᠠᠶᠠᠯᠠᠯ ᠢ ᠭᠦᠷᠢᠶ᠎ᠡ ᠬᠤᠰᠢᠭᠤᠨ ᠤ ᠨᠢᠭᠡᠨ | ᠬᠥᠳᠡᠯᠭᠡᠭᠡᠨᠲᠦ ᠦᠵᠡᠮᠵᠢ᠂ ᠭᠤᠶᠤ ᠰᠠᠶᠢᠬᠠᠨ ᠨᠡᠷ᠎ᠡ ᠶᠢᠨ ᠬᠠᠭᠤᠳᠠᠰᠤ᠂ ᠨᠡᠷᠡᠳᠦ ᠲᠦᠷᠦᠯ ᠲᠡᠮᠳᠡᠭ ᠪᠣᠯᠭᠠᠨ | ᠴᠣᠭᠴᠠᠯᠠᠵᠤ᠂ ᠤᠷᠤᠯᠳᠤᠭᠠᠨ ᠳᠤ ᠣᠷᠣᠯᠴᠠᠭᠰᠠᠳ ᠪᠣᠯᠤᠨ ᠤᠷᠤᠯᠳᠤᠭᠠᠨ ᠳᠤ ᠣᠷᠣᠯᠴᠠᠭᠰᠠᠳ ᠲᠤ ᠤᠷᠢᠳ | ᠡᠮᠦᠨ᠎ᠡ ᠪᠠᠶᠢᠭ᠎ᠠ ᠦᠭᠡᠢ ᠪᠡᠶ᠎ᠡ ᠶᠢᠨ ᠲᠠᠮᠢᠷ ᠤᠨ ᠦᠪᠡᠳᠡᠭᠰᠢ ᠨᠠᠶᠢᠷ ᠢ ᠡᠳ᠋ᠯᠡᠭᠦᠯᠵᠦ᠂ ᠬᠠᠮᠲᠤᠷᠠᠨ ᠠᠵᠢᠯᠯᠠᠵᠤ | ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠨ᠎ᠠ᠃ ᠡᠬᠢᠯᠡᠯᠲᠡ ᠶᠢᠨ | ᠶᠣᠰᠣᠯᠠᠯ ᠳᠡᠭᠡᠷ᠎ᠡ᠂ ᠬᠢᠨᠠᠭᠴᠢ ᠶᠢᠨ ᠳᠠᠷᠤᠭ᠎ᠠ ᠪᠣᠯᠤᠨ ᠲᠡᠷᠭᠡᠴᠢᠨ ᠤ ᠲᠥᠯᠥᠭᠡᠯᠡᠭᠴᠢ ᠲᠣᠰ ᠲᠣᠰ ᠲᠠᠩᠭᠠᠷᠢᠭᠯᠠᠵᠤ᠂ | ᠾᠧ ᠵᠢᠶᠠᠨ ᠳ᠋ᠦᠩ 2023 ᠤᠨ ᠤ ᠳᠤᠮᠳᠠᠳᠤ ᠤᠯᠤᠰ ᠤᠨ ᠮᠣᠲ᠋ᠣᠷ ᠲᠡᠷᠭᠡᠨ ᠤ ᠪᠠᠷᠳᠠᠭ᠎ᠠ ᠲᠠᠭᠤᠯᠬᠤ ᠮᠠᠩᠯᠠᠶ | ᠰᠢᠯᠭᠠᠷᠠᠭᠤᠯᠬᠤ ᠤᠷᠤᠯᠳᠤᠭᠠᠨ ︵ᠬᠦᠷᠢᠶ᠎ᠡ ᠥᠷᠲᠡᠭᠡ︶ ᠡᠬᠢᠯᠡᠭᠰᠡᠨ ᠢ ᠵᠠᠷᠯᠠᠪᠠ᠃ | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠨᠡᠶᠢᠲᠡ 7 ᠳᠤᠭᠤᠶᠢᠯᠠᠩ ᠬᠤᠪᠢᠶᠠᠵᠤ᠂ | ᠨᠠᠰᠤᠨ ᠳᠤ ᠭᠦᠷᠦᠭᠰᠡᠳ ᠤᠨ 5 ᠳᠤᠭᠤᠶᠢᠯᠠᠩ ᠪᠠ ᠵᠠᠯᠠᠭᠤᠴᠤᠳ ᠪᠠᠭᠠᠴᠤᠳ ᠤᠨ 2 ᠳᠤᠭᠤᠶᠢᠯᠠᠩ ᠪᠠᠭᠲᠠᠨ᠎ᠠ᠂ | ᠵᠠᠯᠠᠭᠤᠴᠤᠳ ᠪᠠᠭᠠᠴᠤᠳ ᠤᠨ ᠳᠤᠭᠤᠶᠢᠯᠠᠩ ᠨᠢ 10 ︱ 15 ᠪᠦᠬᠦᠯᠢ ᠨᠠᠰᠤᠨ ᠤ ᠪᠢᠴᠢᠬᠠᠨ ᠲᠡᠷᠭᠡᠴᠢᠨ ᠢ | ᠬᠠᠮᠤᠷᠴᠤ᠂ ᠪᠡᠯᠡᠳᠬᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ | ᠶᠠᠪᠤᠭᠳᠠᠭᠤᠯᠤᠨ᠎ᠠ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠠᠭᠤ ᠭᠠᠷᠤᠢ ᠲᠡᠷᠭᠡᠴᠢᠨ ᠤᠷᠤᠯᠴᠠᠨ᠎ᠠ᠃ | ᠤᠷᠤᠯᠳᠤᠭᠠᠨ ᠤ ᠬᠤᠭᠤᠴᠠᠭᠠᠨ ᠳᠤ᠂ ᠤᠷᠤᠯᠳᠤᠭᠠᠨ ᠳᠤ ᠣᠷᠣᠯᠴᠠᠭᠰᠠᠳ ᠪᠠᠷᠳᠠᠭ᠎ᠠ ᠠᠴᠠ ᠴᠤ ᠠᠶᠤᠬᠤ ᠦᠭᠡᠢ᠂ | ᠪᠡᠷᠬᠡᠰᠢᠶᠠᠯ ᠢ ᠢᠯᠡᠨ ᠲᠠᠪᠠᠭ᠋ᠤ ᠡᠯᠡᠰᠦᠨ ᠴᠥᠯ ᠳᠤ ᠬᠤᠷᠳᠤᠴᠠ ᠪᠠ ᠣᠷᠭᠢᠯᠤᠮ᠎ᠠ ᠰᠡᠳᠬᠢᠯᠭᠡ ᠲᠠᠢ ᠭᠤᠶᠢᠳᠠ | ᠰᠠᠶᠢᠬᠠᠨ ᠵᠦᠴᠦᠭᠡ ᠶᠢ ᠲᠣᠭᠯᠠᠪᠠ᠃ 3 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 7 | ᠤᠷᠤᠯᠳᠤᠭᠠᠨ ᠤ ᠵᠦᠢᠯ ᠤᠨ ᠮᠠᠩᠯᠠᠢ ᠳᠤ ᠲᠤᠰ ᠲᠤᠰ ᠬᠠᠷᠢᠶᠠᠯᠠᠭᠳᠠᠵᠤ᠂ 5 ᠰᠠᠷ᠎ᠠ ᠶᠢᠨ 3 ᠤ ᠡᠳᠦᠷ ᠤᠨ | ᠦᠳᠡ ᠶᠢᠨ ᠬᠤᠶᠢᠨ᠎ᠠ ᠲᠡᠭᠦᠰ ᠠᠮᠵᠢᠯᠲᠠ ᠲᠠᠢ ᠥᠨᠳᠥᠷᠯᠡᠪᠡ᠃ | | | | | | | | ᠡᠨᠡ ᠵᠢᠯ 15 ᠨᠠᠰᠤᠲᠠᠢ ᠯᠢ ᠬᠤᠤ ᠢᠦᠢ ᠤᠯᠤᠰ ᠤᠨ ᠦᠢᠯᠡᠳᠪᠦᠷᠢᠯᠡᠯ ᠤᠨ ᠳᠤᠭᠤᠶᠢᠯᠠᠩ ᠤᠨ 250 CC | ᠶᠢᠨ ᠮᠠᠩᠯᠠᠢ ᠳᠤ ᠰᠢᠯᠭᠠᠷᠠᠵᠤ᠂ ᠲᠡᠷᠡ ᠳᠣᠭᠳᠣᠯᠤᠭᠰᠠᠨ ᠪᠠᠶᠢᠳᠠᠯ ᠲᠠᠢ ᠪᠠᠷ᠄ ︽ᠡᠨᠡ ᠤᠳᠠᠭ᠎ᠠ ᠬᠦᠷᠢᠶᠡᠨ ᠤ | ᠮᠦᠩᠭᠦᠨ ᠡᠯᠡᠰᠦᠨ ᠲᠤᠬᠤᠢ ᠶᠢᠨ ᠤᠷᠤᠯᠳᠤᠭᠠᠨ ᠳᠤ ᠣᠷᠣᠯᠴᠠᠬᠤ ᠪᠠᠷ ᠢᠷᠡᠬᠡᠳ ᠭᠠᠵᠠᠷ ᠤᠨ ᠲᠥᠷᠬᠦ᠂ ᠭᠠᠵᠠᠷ ᠤᠨ | ᠪᠠᠶᠢᠴᠠ ᠪᠠ ᠤᠷᠤᠯᠳᠤᠭᠠᠨ ᠤ ᠵᠠᠮ ᠤᠨ ᠵᠢᠷᠤᠭ ᠲᠥᠯᠥᠪᠯᠡᠭᠡ ᠨᠢ ᠭᠦᠶᠦᠬᠦ ᠳᠤ ᠮᠠᠰᠢ ᠬᠤᠷᠳᠤᠴᠠ ᠶᠢᠨ | ᠮᠡᠳᠡᠷᠡᠮᠵᠢ ᠲᠠᠢ ᠪᠠᠶᠢᠨ᠎ᠠ᠂ ᠡᠨᠡ ᠪᠣᠯ ᠭᠤᠷᠪᠠᠨ ᠵᠢᠯ ᠤᠨ ᠲᠤᠷᠰᠢᠬᠢ ᠠᠩᠬᠠᠳᠠᠭᠴᠢ ᠪᠥᠬᠦ ᠤᠯᠤᠰ ᠤᠨ ᠤᠷᠤᠯᠳᠤᠭᠠᠨ | ᠪᠣᠯᠣᠨ᠎ᠠ᠂ ᠨᠠᠷᠠᠲᠤ ᠲᠡᠷᠭᠡᠴᠢᠨ ᠣᠯᠠᠨ᠂ ᠤᠷᠤᠯᠳᠤᠭᠠᠨ ᠤ ᠬᠦᠴᠢᠷ ᠤᠨ ᠬᠡᠮᠵᠢᠶ᠎ᠡ ᠪᠠ ᠬᠢᠷᠢ ᠬᠡᠮᠵᠢᠶ᠎ᠡ ᠨᠢ ᠴᠥᠮ | ᠥᠩᠭᠡᠷᠡᠭᠰᠡᠨ ᠤ ᠵᠠᠯᠠᠭᠤᠴᠤᠳ ᠪᠠᠭᠠᠴᠤᠳ ᠤᠨ ᠤᠷᠤᠯᠳᠤᠭᠠᠨ ᠠᠴᠠ ᠬᠤᠯᠠ ᠥᠨᠳᠥᠷ᠂ ᠲᠡᠳᠡᠨ ᠠᠴᠠ | ᠰᠤᠷᠤᠯᠴᠠᠵᠤ ᠵᠥᠪᠳᠡᠯᠴᠡᠬᠦ ᠪᠠᠷ ᠳᠡᠮᠵᠢᠨ᠂ ᠪᠢ ᠥᠪᠡᠷ ᠤᠨ ᠤᠷᠤᠯᠳᠤᠭᠠᠨ ᠤ ᠤᠷ᠎ᠠ ᠮᠡᠷᠭᠡᠵᠢᠯ ᠢᠶᠠᠨ ᠨᠠᠩ ᠰᠠᠶᠢᠨ | ᠨᠡᠮᠡᠭᠳᠡᠭᠦᠯᠵᠦ᠂ ᠤᠷᠤᠯᠳᠤᠭᠠᠨ ᠳᠤ ᠣᠷᠣᠯᠴᠠᠬᠤ ᠬᠢᠷᠢ ᠬᠡᠮᠵᠢᠶ᠎ᠡ ᠪᠠᠨ ᠨᠠᠩ ᠰᠠᠶᠢᠨ ᠳᠡᠭᠡᠭᠰᠢᠯᠡᠭᠦᠯᠵᠦ᠂ ᠲᠠᠷᠠᠭᠠᠴᠢ | ᠪᠠᠷ ᠬᠦᠷᠢᠶᠡᠨ ᠳᠤ ᠢᠷᠡᠵᠦ ᠤᠷᠤᠯᠳᠤᠭᠠᠨ ᠳᠤ ᠣᠷᠣᠯᠴᠠᠵᠤ᠂ ᠨᠠᠩ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ | ᠪᠠᠶᠢᠨ᠎ᠠ︾ ᠭᠡᠵᠡᠢ᠃ | | | | | | | | | | | ᠰᠧᠴᠤᠸᠠᠨ ᠤ ᠴᠧᠩᠳᠦ᠋ ᠶᠢᠨ ᠯᠣᠣ ᠱᠠ ᠢᠦᠢ ᠶᠢᠨ ᠲᠡᠷᠭᠡᠨ ᠠᠩᠭᠢ ᠶᠢᠨ ᠡᠮᠡᠭᠲᠡᠢ ᠲᠠᠮᠢᠷᠴᠢᠨ ᠯᠢ ᠨᠢᠶᠠᠨ | ᠨᠢᠶᠠᠨ ᠰᠠᠶ᠋ᠢ 11 ᠨᠠᠰᠤᠲᠠᠢ᠂ ᠲᠤᠰ ᠤᠳᠠᠭ᠎ᠠ ᠶᠢᠨ ᠤᠷᠤᠯᠳᠤᠭᠠᠨ ᠳᠤ ᠣᠷᠣᠯᠴᠠᠭᠰᠠᠨ ᠲᠥᠷᠥᠭᠳᠡᠯ ᠤᠨ ᠲᠤᠬᠠᠢ | ᠶᠠᠷᠢᠬᠤ ᠳᠠᠭᠠᠨ ᠲᠡᠷᠡ᠄ ︽ᠬᠦᠷᠢᠶ᠎ᠡ ᠮᠠᠰᠢ ᠭᠤᠶᠤ᠂ ᠲᠠᠯᠠᠪᠠᠢ ᠶᠢ ᠵᠠᠰᠠᠭᠰᠠᠨ ᠨᠢ ᠮᠠᠰᠢ ᠲᠠᠭᠠᠯᠠᠮᠵᠢᠲᠠᠢ᠂ ᠨᠢᠭᠡ | ᠵᠦᠢᠯ ᠤᠨ ᠰᠢᠨ᠎ᠡ ᠥᠩᠭᠡᠷᠡᠯᠲᠡ ᠲᠠᠢ᠂ ᠡᠨᠡ ᠤᠳᠠᠭ᠎ᠠ ᠶᠢᠨ ᠤᠷᠤᠯᠳᠤᠭᠠᠨ ᠳᠤ ᠤᠷᠤᠯᠴᠠᠭᠠᠳ ᠮᠡᠷᠭᠡᠵᠢᠯ ᠤᠨ | ᠲᠠᠯ᠎ᠠ ᠪᠠᠷ ᠳᠡᠭᠡᠭᠰᠢᠯᠡᠭᠰᠡᠨ ᠢᠶᠠᠷ ᠪᠠᠷᠠᠬᠤ ᠦᠭᠡᠢ᠂ ᠰᠡᠳᠬᠢᠴᠡ ᠶᠢᠨ ᠬᠡᠪ ᠴᠢᠨᠠᠷ ᠤᠨ ᠲᠠᠯ᠎ᠠ ᠪᠠᠷ ᠴᠤ | ᠪᠣᠯᠪᠠᠰᠤᠷᠠᠯ ᠲᠠᠢ ᠪᠣᠯᠪᠠ᠂ ᠭᠤᠣᠯᠯᠠᠨ ᠡᠷᠬᠢᠯᠡᠭᠰᠡᠡ ᠲᠠᠯ᠎ᠠ ᠶᠢᠨ ᠬᠢᠨ ᠪᠢᠳᠡᠨ ᠳᠤ ᠥᠪᠡᠷ ᠢ ᠪᠠᠨ ᠳᠡᠯᠭᠡᠨ ᠦᠵᠡᠭᠦᠯᠬᠦ | ᠲᠠᠪᠴᠠᠩ ᠬᠠᠩᠭᠠᠵᠤ᠂ ᠪᠦᠬᠦ ᠤᠯᠤᠰ ᠤᠨ ᠲᠡᠷᠢᠭᠦᠨ ᠲᠡᠰ ᠤᠨ ᠲᠡᠷᠭᠡᠴᠢᠨ ᠲᠠᠢ ᠬᠠᠮᠲᠤ ᠪᠠᠷ ᠮᠥᠷᠥᠶᠢᠴᠡᠵᠦ᠂ | ᠬᠠᠷᠢᠯᠴᠠᠨ ᠰᠤᠷᠤᠯᠴᠠᠵᠦ ᠴᠢᠳᠠᠭᠰᠠᠨ ᠳᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠣᠶᠢᠯᠠᠭᠠᠭᠰᠠᠨ ᠢᠶᠠᠷ᠂ | ᠳᠤᠮᠳᠠᠳᠤ ᠤᠯᠤᠰ ᠤᠨ ᠮᠣᠲ᠋ᠣᠷ ᠲᠡᠷᠭᠡᠨ ᠤ ᠪᠠᠷᠳᠠᠭ᠎ᠠ ᠲᠠᠭᠤᠯᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ | ᠣᠳᠣᠬᠠᠨ ᠳᠤ ᠤᠯᠤᠰ ᠤᠨ ᠳᠣᠲᠣᠭᠠᠳᠤ ᠶᠢᠨ ᠲᠠᠰ ᠢᠶᠠᠷ ᠬᠠᠮᠤᠭ ᠤᠨ ᠥᠨᠳᠥᠷ᠂ ᠨᠥᠯᠥᠭᠡᠯᠡᠬᠦ ᠬᠦᠴᠦᠨ ᠢᠶᠠᠷ | ᠬᠠᠮᠤᠭ ᠤᠨ ᠶᠡᠭᠡ᠂ ᠮᠥᠨ ᠴᠦ ᠬᠠᠮᠤᠭ ᠤᠨ ᠬᠦᠷᠢᠶᠡᠯᠡᠯ ᠲᠠᠢ ᠮᠣᠲ᠋ᠣᠷ ᠲᠡᠷᠭᠡᠨ ᠤ ᠲᠠᠯᠠᠪᠤᠷ ᠤᠨ ᠪᠠᠷᠳᠠᠭ᠎ᠠ | ᠲᠠᠭᠤᠯᠬᠤ ᠤᠷᠤᠯᠳᠤᠭᠠᠨ ᠤ ᠨᠢᠭᠡ ᠪᠣᠯᠣᠨ᠎ᠠ᠃ ᠲᠣᠰ ᠤᠳᠠᠭ᠎ᠠ ᠶᠠᠪᠤᠭᠳᠠᠭᠰᠠᠨ ᠳᠤᠮᠳᠠᠳᠤ ᠤᠯᠤᠰ ᠤᠨ ᠮᠣᠲ᠋ᠣᠷ | ᠲᠡᠷᠭᠡᠨ ᠤ ᠪᠠᠷᠳᠠᠭ᠎ᠠ ᠲᠠᠭᠤᠯᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠵᠠᠯᠠᠭᠤᠴᠤᠳ ᠪᠠᠭᠠᠴᠤᠳ ᠤᠨ | ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠬᠦᠷᠢᠶᠡᠨ ᠤ ᠮᠦᠩᠭᠦᠨ ᠡᠯᠡᠰᠦᠨ ᠲᠤᠬᠤᠢ ᠶᠢᠨ ᠵᠢᠭᠤᠯᠴᠢᠯᠠᠯ ᠤᠨ | ᠣᠷᠣᠨ ᠤ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠵᠠᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ ︽ | ᠪᠠᠷᠳᠠᠭ᠎ᠠ ᠲᠠᠭᠤᠯᠬᠤ ᠤᠷᠤᠯᠳᠤᠭᠠᠨ︾ ᠢᠶᠠᠷ ᠭᠤᠣᠯ ᠰᠡᠳᠦᠪ ᠪᠣᠯᠭᠠᠵᠤ᠂ ᠭᠡᠷ ᠤᠨ ᠭᠠᠳᠠᠨᠠᠬᠢ ᠲᠠᠮᠢᠷ ᠤᠨ | ᠬᠥᠳᠡᠯᠭᠡᠭᠡᠨ ᠢᠶᠠᠷ ᠬᠥᠭᠦᠷᠭᠡ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠮᠣᠲ᠋ᠣᠷ ᠲᠡᠷᠭᠡᠨ ᠤ ᠪᠠᠷᠳᠠᠭᠠᠳᠦ | ᠠᠶᠠᠯᠠᠯ ᠳᠤ ᠳᠤᠷᠠᠲᠠᠢ ᠬᠥᠮᠥᠰ ᠤᠨ ᠳᠤᠭᠤᠢ ᠤᠨᠤᠬᠤ ᠲᠤᠷᠰᠢᠯᠭ᠎ᠠ ᠪᠠᠨ ᠰᠣᠯᠢᠯᠴᠠᠬᠤ ᠳᠤ ᠲᠠᠪᠴᠠᠩ ᠪᠠᠶᠢᠭᠤᠯᠵᠤ | ᠥᠭᠭᠦᠭᠰᠡᠨ ᠪᠠᠶᠢᠨ᠎ᠠ᠃ | | | | | ᠲᠤᠰ ᠤᠳᠠᠭᠠᠨ ᠤ ᠪᠠᠶᠠᠯᠢᠭ ᠰᠠᠶᠢᠬᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠥᠷᠨᠢᠭᠦᠯᠬᠦ ᠪᠠᠷ ᠳᠠᠮᠵᠢᠭᠤᠯᠤᠨ | ᠂ ᠬᠦᠷᠢᠶ᠎ᠡ ᠬᠤᠰᠢᠭᠤᠨ ᠤ ᠥᠪᠡᠷᠮᠢᠴᠡ ᠣᠨᠴᠠᠯᠢᠭ ᠪᠦᠬᠦᠢ ᠵᠤᠭᠠᠴᠠᠯ ᠤᠨ ᠰᠣᠶᠣᠯ ᠤᠨ ᠡᠬᠢ ᠪᠠᠶᠠᠯᠢᠭ ᠪᠣᠯᠣᠨ ᠠᠵᠤ | ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠳᠡᠯᠭᠡᠨ ᠦᠵᠡᠭᠦᠯᠵᠦ᠂ ᠮᠣᠲ᠋ᠣᠷ ᠲᠡᠷᠭᠡᠨ ᠤ ᠪᠠᠷᠳᠠᠭ᠎ᠠ | ᠲᠠᠭᠤᠯᠬᠤ ᠤᠷᠤᠯᠳᠤᠭᠠᠨ ᠢᠶᠠᠷ ᠭᠤᠣᠯ ᠪᠣᠯᠭᠠᠭᠰᠠᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ | ᠳᠡᠮᠵᠢᠨ᠂ ᠭᠠᠷᠠᠭ ᠤᠨ ᠰᠡᠭᠦᠯᠴᠢ ᠶᠢᠨ ᠬᠦᠷᠢᠶᠡᠨ ᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠨᠡᠭᠡᠭᠡᠨ ᠭᠦᠭᠵᠢᠭᠦᠯᠭᠦ | ᠬᠥᠭᠵᠢᠯᠲᠡ ᠶᠢᠨ ᠬᠢᠯᠠᠰ ᠴᠡᠭ ᠢ ᠪᠣᠶ ᠪᠣᠯᠭᠠᠵᠤ᠂ ᠪᠥᠬᠦ ᠤᠯᠤᠰ ᠳᠤ ᠲᠦᠪᠯᠡᠷᠡᠯ ᠪᠤᠯᠵᠦ᠂ ᠲᠤᠬᠠᠢ ᠶᠢᠨ ᠭᠠᠵᠠᠷ ᠤᠨ | ᠦᠨᠳᠦᠰᠦᠲᠡᠨ ᠤ ᠵᠠᠩ ᠠᠭᠠᠯᠢ᠂ ᠵᠢᠭᠤᠯᠴᠢᠯᠠᠯ ᠰᠡᠯᠡᠭᠦᠴᠡᠯ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ | ᠭᠠᠳᠠᠭᠠᠳᠤ ᠳᠤ ᠲᠦᠯᠬᠢᠭᠦ᠂ ᠠᠮᠢ ᠠᠬᠤᠢ ᠶᠢᠨ ᠲᠠᠷᠢᠶᠠᠯᠠᠩ ᠵᠡᠷᠭᠡ ᠡᠯ᠎ᠡ ᠲᠠᠯ᠎ᠠ ᠶᠢᠨ ᠬᠥᠭᠵᠢᠯᠲᠡ ᠶᠢᠨ ᠪᠠᠶᠢᠳᠠᠯ ᠢ | ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠦᠷᠢᠶᠡᠨ ᠤ ᠵᠢᠭᠤᠯᠴᠢᠯᠠᠯ ᠤᠨ ᠠᠵᠤ ᠠᠬᠤᠢ ᠶᠢᠨ ᠲᠠᠪᠠᠯᠳᠠᠳᠤ | ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠪᠠ᠃ | | |