ᠪᠥᠬᠦ ᠬᠤᠲᠠ ᠶᠢᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ | ᠬᠦᠴᠦᠯᠡᠨ ᠬᠥᠭᠵᠢᠭᠡᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ | ᠺᠢᠯᠣᠮᠧᠳ᠋ᠷ︾ ᠢ ᠬᠦᠴᠦᠯᠡᠨ ᠨᠡᠪᠲᠡᠷᠡᠭᠦᠯᠬᠦ ᠶᠢᠨ ᠲᠥᠯᠥᠭᠡ᠂ 2022 ᠣᠨ ᠳᠤ ᠪᠥᠬᠦ ᠬᠤᠲᠠ ︽ᠲᠦᠩᠯᠢᠶᠣᠣ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ | ᠠᠷᠭ᠎ᠠ︾ ᠳᠤ ᠰᠢᠨ᠎ᠡ ᠪᠠᠷ ᠵᠠᠰᠠᠪᠤᠷᠢ ᠣᠷᠣᠭᠤᠯᠪᠠ᠂ ᠡᠭᠦᠨ ᠳᠤ ︽ᠵᠢᠭᠤᠯᠴᠢᠯᠠᠭᠴᠢᠳ ᠳᠠᠭᠠᠭᠤᠯᠤᠨ ᠢᠷᠡᠬᠦ︾ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠠᠷᠠᠭᠠᠬᠢ ᠮᠡᠲᠦ᠄ | ᠵᠢᠭᠤᠯᠴᠢᠨ ᠳᠤ ᠦᠢᠯᠡᠴᠢᠯᠡᠬᠦ ᠭᠠᠵᠠᠷ ᠲᠣᠰ ᠬᠤᠲᠠ ᠶᠢᠨ ᠬᠠᠷᠢᠶ᠎ᠠ ᠳᠤ ᠬᠡᠭᠡᠷ᠎ᠡ ᠬᠥᠳᠡᠭᠡ᠂ ᠰᠤᠳᠤᠯᠤᠨ | ᠰᠤᠷᠤᠯᠴᠠᠬᠤ᠂ ᠪᠣᠳᠠᠰ ᠤᠨ ᠪᠤᠰᠤ ᠰᠣᠶᠣᠯ ᠤᠨ ᠥᠪ᠂ ᠡᠷᠡᠭᠦᠯᠵᠢᠯ ᠰᠤᠪᠢᠯᠠᠯᠲᠠ᠂ ᠲᠠᠭᠠᠯᠠᠮᠵᠢᠲᠠᠢ ᠪᠠᠷᠲᠠᠭ᠎ᠠ | ᠰᠢᠨᠵᠢᠯᠡᠯᠲᠡ ᠵᠡᠷᠭᠡ ᠴᠢᠨᠠᠷᠯᠢᠭ ᠠᠮᠠᠷᠠᠯᠲᠠ᠂ ᠪᠢᠴᠢᠯ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠪᠡᠶᠡᠴᠢᠯᠡᠨ | ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠠᠷᠭᠠᠬᠤ ᠶᠢ ᠵᠣᠷᠢᠭᠵᠢᠭᠤᠯᠵᠤ᠂ ᠣᠨᠴᠠᠯᠢᠭᠲᠤ ᠦᠢᠯᠡᠳᠬᠦᠨ | ᠨᠢᠭᠡᠪᠦᠷᠢ ᠳᠤ 100 ᠠᠴᠠ ᠳᠡᠭᠡᠭᠰᠢ ᠬᠥᠮᠥᠨ ᠢ ᠲᠡᠳᠡᠨ ᠣᠷᠣᠯᠴᠠᠭᠤᠯᠤᠭᠰᠠᠨ ᠪᠠᠶᠢᠪᠠᠯ᠂ ᠨᠢᠭᠡ ᠤᠳᠠᠭ᠎ᠠ ᠶᠢᠨ | ᠴᠢᠨᠠᠷᠲᠠᠢ ᠪᠠᠷ 2 ᠲᠦᠮᠡᠨ ᠲᠥᠭᠦᠷᠢᠭ ᠱᠠᠩᠨᠠᠨ᠎ᠠ᠃ | ᠬᠤᠲᠠ ᠶᠢᠨ ᠳᠣᠲᠣᠷᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ | ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠪᠤᠶᠤ 2 ᠠᠴᠠ ᠳᠡᠭᠡᠭᠰᠢ ᠡᠭᠦᠳᠡᠨ | ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠪᠥᠬᠦ ᠵᠢᠯ ᠤᠨ | ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ 3000 ᠬᠥᠮᠥᠨ ᠬᠦᠷᠦᠭᠰᠡᠨ ᠪᠠᠶᠢᠪᠠᠯ᠂ ᠨᠢᠭᠡ | ᠤᠳᠠᠭ᠎ᠠ ᠶᠢᠨ ᠴᠢᠨᠠᠷᠲᠠᠢ ᠪᠠᠷ 6 ᠲᠦᠮᠡᠨ ᠲᠥᠭᠦᠷᠢᠭ ᠱᠠᠩᠨᠠᠨ᠎ᠠ︔ ᠪᠥᠬᠦ ᠵᠢᠯ ᠤᠨ ᠭᠥᠯᠢᠶᠡᠨ ᠠᠪᠤᠭᠰᠠᠨ | ᠵᠢᠭᠤᠯᠴᠢᠯᠠᠭᠴᠢᠳ ᠤᠨ ᠲᠤᠭ᠎ᠠ 3000 ᠬᠥᠮᠥᠨ ᠠᠴᠠ ᠳᠠᠪᠠᠭᠰᠠᠨ ᠪᠠᠶᠢᠪᠠᠯ᠂ ᠳᠠᠪᠠᠭᠰᠠᠨ ᠬᠡᠰᠡᠭ ᠤᠨ ᠬᠥᠮᠥᠨ | ᠤᠳᠠᠭ᠎ᠠ ᠪᠦᠷᠢ ᠳᠤ 30 ᠲᠥᠭᠦᠷᠢᠭ ᠱᠠᠩᠨᠠᠨ᠎ᠠ᠃ | ᠬᠤᠲᠠ ᠠᠴᠠ ᠭᠠᠳᠠᠨᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ | ᠵᠢᠭᠤᠯᠴᠢᠯᠠᠬᠤ ᠪᠠᠷ ᠢᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠵᠢᠭᠤᠯᠴᠢᠨ ᠳᠤ ᠦᠢᠯᠡᠴᠢᠯᠡᠬᠦ ᠭᠠᠵᠠᠷ ᠲᠤ | ᠲᠤᠰᠢᠶᠠᠨ ᠵᠣᠴᠢᠯᠠᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠪᠤᠶᠤ 2 ᠠᠴᠠ | ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ | ᠣᠨ ᠤ ᠵᠤᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 2000 ᠬᠥᠮᠥᠨ ︵ᠤᠳᠠᠭ᠎ᠠ︶ ᠬᠦᠷᠦᠭᠰᠡᠨ | ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ︔ ᠪᠥᠬᠦ ᠵᠢᠯ ᠳᠤ ᠵᠣᠬᠢᠶᠠᠨ | ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 2000 ᠬᠥᠮᠥᠨ ᠠᠴᠠ ᠳᠠᠪᠠᠭᠰᠠᠨ ᠪᠠᠶᠢᠪᠠᠯ᠂ ᠳᠠᠪᠠᠭᠰᠠᠨ | ᠬᠡᠰᠡᠭ ᠤᠨ ᠬᠥᠮᠥᠨ ᠤᠳᠠᠭ᠎ᠠ ᠪᠦᠷᠢ ᠳᠤ 30 ᠲᠥᠭᠦᠷᠢᠭ ᠱᠠᠩᠨᠠᠨ᠎ᠠ᠃ | ᠬᠤᠲᠠ ᠠᠴᠠ ᠭᠠᠳᠠᠨᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠢ | ᠵᠣᠬᠢᠶᠠᠨ ᠪᠠᠶᠢᠭᠤᠯᠤᠨ ᠵᠢᠭᠤᠯᠴᠢᠯᠠᠬᠤ ᠪᠠᠷ ᠢᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠵᠢᠭᠤᠯᠴᠢᠨ ᠳᠤ | ᠦᠢᠯᠡᠴᠢᠯᠡᠬᠦ ᠭᠠᠵᠠᠷ ᠲᠤ ᠲᠤᠰᠢᠶᠠᠨ ᠵᠣᠴᠢᠯᠠᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ | ᠰᠠᠭᠤᠯᠭᠠᠵᠤ᠂ 2 ᠪᠤᠶᠤ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ | ᠲᠣᠭᠤᠷᠢᠨ ᠵᠤᠭᠠᠴᠠᠭᠤᠯᠵᠤ᠂ ᠣᠨ ᠤ ᠵᠤᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 500 ᠬᠦᠮᠦᠨ ︵ | ᠤᠳᠠᠭ᠎ᠠ︶ ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ︔ ᠪᠥᠬᠦ | ᠵᠢᠯ ᠳᠤ ᠵᠣᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 500 ᠬᠥᠮᠥᠨ ᠠᠴᠠ ᠳᠠᠪᠠᠭᠰᠠᠨ ᠪᠠᠶᠢᠪᠠᠯ᠂ | ᠳᠠᠪᠠᠭᠰᠠᠨ ᠬᠡᠰᠡᠭ ᠤᠨ ᠬᠥᠮᠥᠨ ᠤᠳᠠᠭ᠎ᠠ ᠪᠦᠷᠢ ᠳᠤ 100 ᠲᠥᠭᠦᠷᠢᠭ ᠱᠠᠩᠨᠠᠨ᠎ᠠ᠃ | ᠤᠯᠤᠰ ᠤᠨ ᠳᠣᠲᠣᠭᠠᠳᠤ ᠠᠴᠠ ᠵᠢᠭᠤᠯᠴᠢᠯᠠᠯ ᠤᠨ ᠳᠠᠭᠠᠭᠠᠴᠢᠯᠠᠭᠰᠠᠨ ᠨᠢᠰᠬᠡᠯ ᠢ ᠨᠢᠭᠡ ᠤᠳᠠᠭ᠎ᠠ ᠠᠪᠴᠢᠷᠠᠵᠤ᠂ | ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ ᠪᠢᠯᠧᠲ ᠤᠨ | ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠨᠢᠰᠬᠡᠯ ᠳᠠᠭᠠᠭᠠᠴᠢᠯᠠᠭᠰᠠᠨ ᠬᠥᠮᠥᠨ ᠤ | ᠲᠤᠭ᠎ᠠ 50 — 100 ᠬᠦᠷᠦᠭᠰᠡᠨ ᠪᠠᠶᠢᠪᠠᠯ᠂ ᠵᠢᠭᠤᠯᠴᠢᠨ ᠳᠤ ᠦᠢᠯᠡᠴᠢᠯᠡᠬᠦ ᠭᠠᠵᠠᠷ ᠲᠤ ᠨᠢᠭᠡ ᠤᠳᠠᠭ᠎ᠠ ᠶᠢᠨ | ᠴᠢᠨᠠᠷᠲᠠᠢ ᠪᠠᠷ 1 ᠲᠦᠮᠡᠨ ᠲᠥᠭᠦᠷᠢᠭ ᠱᠠᠩᠨᠠᠨ᠎ᠠ︔ ᠨᠢᠰᠬᠡᠯ ᠳᠠᠭᠠᠭᠠᠴᠢᠯᠠᠭᠰᠠᠨ ᠬᠥᠮᠥᠨ ᠤ ᠲᠤᠭ᠎ᠠ 100 ᠠᠴᠠ | ᠳᠡᠭᠡᠭᠰᠢ ᠪᠠᠶᠢᠪᠠᠯ ᠵᠢᠭᠤᠯᠴᠢᠨ ᠳᠤ ᠦᠢᠯᠡᠴᠢᠯᠡᠬᠦ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠪᠠᠷ 2 ᠲᠦᠮᠡᠨ | ᠲᠥᠭᠦᠷᠢᠭ ᠱᠠᠩᠨᠠᠨ᠎ᠠ᠃ | ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠤ ᠪᠦᠯᠬᠦᠮ ᠤᠨ ᠵᠤᠭᠠᠴᠠᠭᠰᠠᠳ ᠢ ᠨᠢᠭᠡ ᠤᠳᠠᠭ᠎ᠠ ᠵᠣᠬᠢᠶᠠᠨ | ᠪᠠᠶᠢᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ | ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠲᠤᠰᠬᠠᠢ ᠭᠠᠯᠲᠤ | ᠲᠡᠷᠭᠡᠨ ᠤ ᠬᠥᠮᠥᠨ ᠤ ᠲᠤᠭ᠎ᠠ 300 — 400 ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 | ᠲᠦᠮᠡᠨ ᠲᠥᠭᠦᠷᠢᠭ ᠱᠠᠩᠨᠠᠨ᠎ᠠ︔ ᠲᠤᠰᠬᠠᠢ ᠭᠠᠯᠲᠤ ᠲᠡᠷᠭᠡᠨ ᠤ ᠬᠥᠮᠥᠨ ᠤ ᠲᠤᠭ᠎ᠠ 400 ᠠᠴᠠ ᠳᠡᠭᠡᠭᠰᠢ ᠪᠠᠶᠢᠪᠠᠯ᠂ | ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ᠃ | ᠮᠠᠰᠢᠨ ᠪᠠᠷᠢᠵᠤ ᠵᠢᠭᠤᠯᠴᠢᠯᠠᠬᠤ ᠪᠦᠯᠬᠦᠮ ᠤᠨ ᠵᠤᠭᠠᠴᠠᠭᠰᠠᠳ ᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ | ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ ᠪᠢᠯᠧᠲ ᠤᠨ | ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠲᠡᠷᠭᠡ ᠬᠥᠰᠬᠡ ᠶᠢᠨ ᠲᠤᠭ᠎ᠠ ᠨᠢ 30 | ᠶᠢ ᠳᠠᠪᠠᠵᠤ᠂ ᠬᠥᠮᠥᠨ ᠤ ᠲᠤᠭ᠎ᠠ 90 ᠬᠥᠮᠥᠨ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 1 | ᠲᠦᠮᠡᠨ ᠲᠥᠭᠦᠷᠢᠭ ᠱᠠᠩᠨᠠᠨ᠎ᠠ᠃ | ᠡᠮᠦᠨᠡᠬᠢ ᠪᠣᠯ ︽ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠲᠡᠳᠬᠦᠨ ᠱᠠᠩᠨᠠᠬᠤ ᠠᠷᠭ᠎ᠠ︾ ᠳᠠᠬᠢ ︽ᠵᠢᠭᠤᠯᠴᠢᠯᠠᠭᠴᠢᠳ ᠳᠠᠭᠠᠭᠤᠯᠤᠨ ᠢᠷᠡᠬᠦ︾ ᠶᠢ ᠳᠡᠮᠵᠢᠬᠦ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠣᠨ᠎ᠠ᠂ ᠪᠤᠰᠤᠳ ᠲᠥᠷᠥ ᠶᠢᠨ ᠪᠣᠳᠣᠯᠭ᠎ᠠ ᠶᠢᠨ ᠨᠠᠷᠢᠨ ᠪᠠᠶᠢᠳᠠᠯ ᠢ ︽ | ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠴᠢᠮᠡᠭᠡ ᠵᠠᠩᠭᠢ︾ ᠶᠢᠨ ᠨᠡᠶᠢᠲᠡ ᠶᠢᠨ | ᠲᠠᠪᠴᠠᠩ ᠳᠤ ᠠᠩᠬᠠᠷᠤᠯ ᠢᠶᠠᠨ ᠬᠠᠨᠲᠤᠯᠠᠭᠠᠷᠠᠢ᠂ ᠬᠡᠷᠪᠡ ᠮᠠᠳᠠᠭ ᠲᠠᠢ ᠪᠣᠯ ᠬᠤᠲᠠ ᠶᠢᠨ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ ᠠᠴᠠ ᠠᠰᠠᠭᠤᠨ ᠯᠠᠪᠯᠠᠵᠤ | ᠪᠣᠯᠣᠨ᠎ᠠ᠃ | ᠯᠠᠪᠯᠠᠬᠤ ᠤᠲᠠᠰᠤ᠄ 8836289 | |