ᠽᠦᠩᠽᠢ ᠶᠢᠨ ᠨᠠᠪᠴᠢ ᠶᠢᠨ ᠠᠩᠭᠢᠯᠤᠮᠠᠯ ᠲᠠᠢ᠂ ᠡᠷᠲᠡᠨ ᠤ ᠠᠶᠠᠯᠭᠤ ᠶᠢᠨ ᠤᠶᠠᠩᠭᠠᠯᠠᠯ ᠲᠠᠢ᠃ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠬᠥᠮᠦᠰ ᠭᠠᠳᠠᠭᠰᠢ ᠭᠠᠷᠴᠤ ᠵᠤᠭᠠᠴᠠᠨ᠂ ᠪᠠᠶᠢᠭᠠᠯᠢ ᠲᠠᠢ | ᠣᠶᠢᠷᠠᠳᠬᠤ᠂ ᠠᠮᠢᠯᠠᠯ ᠤᠨ ᠥᠩᠭᠡ ᠶᠢ ᠬᠠᠮᠲᠤ ᠪᠠᠷ ᠡᠳ᠋ᠯᠡᠬᠦ ᠪᠠᠶᠠᠷ ᠤᠨ ᠡᠳᠦᠷ ᠪᠣᠯᠤᠨ᠎ᠠ᠃ ᠥᠨᠳᠥᠷ ᠰᠦᠷᠯᠢᠭ | ᠠᠴᠢᠮᠠᠭ ᠤᠨ ᠠᠭᠤᠯᠠ᠂ ᠭᠤᠷᠴᠢᠭᠢᠨᠠᠨ ᠲᠤᠨᠤᠯᠵᠠᠬᠤ ᠶᠠᠩᠰᠢᠪ ᠤᠨ ᠭᠤᠣᠯ᠂ ᠪᠢᠳᠡ ᠬᠠᠳᠠᠲᠤ ᠤᠷᠭᠤᠮᠠᠯ ᠤᠨ | ᠬᠦᠷᠢᠶᠡᠯᠡᠩ ᠳᠤ ᠬᠦᠰᠡᠯ ᠳᠤᠷᠠᠯᠠᠯ ᠲᠠᠢ ᠵᠣᠭᠠᠴᠠᠵᠤ᠂ ᠭᠤᠷᠪᠠᠨ ᠶᠡᠭᠡ ᠰᠦᠮ᠎ᠡ ᠳᠤ ᠰᠦᠰᠦᠭᠯᠡᠨ ᠵᠠᠯᠪᠠᠷᠢᠵᠤ | ᠳᠠᠭᠠᠳᠬᠠᠨ᠂ ᠮᠥᠩᠭᠦᠨ ᠲᠣᠬᠤᠢ ᠶᠢᠨ ᠡᠯᠡᠰᠦᠨ ᠳᠤ ᠬᠥᠭᠡᠷᠦᠯᠳᠦᠨ ᠨᠠᠷᠭᠢᠬᠤ ᠳᠠᠭᠠᠨ ᠪᠣᠯᠪᠠᠰᠤᠨ ᠰᠤᠷᠲᠠᠯ ᠪᠢᠳᠡᠨ | ᠲᠠᠢ ᠬᠠᠮᠲᠤ ᠪᠠᠶᠢᠬᠤ ᠶᠢ ᠪᠢᠲᠡᠭᠡᠢ ᠮᠠᠷᠲᠠᠭᠠᠷᠠᠢ᠃ | ᠪᠣᠯᠪᠠᠰᠤᠨ ᠢᠶᠠᠷ ᠪᠣᠬᠢᠷᠲᠤᠯ ᠦᠭᠡᠢ ᠪᠠᠶᠢᠭᠠᠯᠢ ᠪᠠᠨ ᠬᠠᠮᠠᠭᠠᠯᠠᠵᠤ ᠬᠡᠷ ᠣᠷᠣᠨ ᠢᠶᠠᠨ ᠬᠠᠮᠲᠤᠪᠠᠷ ᠪᠠᠶᠢᠭᠤᠯᠤᠶ᠎ᠠ᠃ | ᠲᠠ ᠪᠠᠶᠢᠭᠠᠯᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠵᠢᠮᠢᠰ ᠤᠨ ᠬᠠᠯᠢᠰᠤ᠂ ᠴᠠᠭᠠᠰᠤᠨ ᠦᠷᠦᠪᠳᠡᠰᠦ᠂ | ᠲᠠᠮᠠᠬᠢᠨ ᠤᠵᠠᠭᠤᠷ᠂ ᠤᠮᠳᠠᠭᠠᠨ ᠤ ᠯᠣᠩᠬᠤ ᠵᠡᠷᠭᠡ ᠬᠤᠭ ᠨᠣᠪᠰᠢ ᠶᠢ ᠳᠤᠷ᠎ᠠ ᠪᠠᠷ ᠬᠠᠶᠠᠬᠤ ᠥᠬᠡᠶ ᠪᠠᠶᠢᠵᠤ᠂ | ᠤᠬᠠᠮᠰᠠᠷ ᠠᠴᠠ ᠪᠠᠨ ᠴᠠᠭᠠᠨ ᠥᠩᠭᠡ ᠶᠢᠨ ᠬᠤᠭ ᠨᠣᠪᠰᠢ ᠶᠢ ᠲᠡᠭᠦᠵᠦ᠂ ᠪᠣᠯᠪᠠᠰᠤᠨ ᠦᠶ᠋ᠯᠡ ᠠᠵᠢᠯᠯᠠᠭ᠎ᠠ ᠶᠢ | ᠥᠩᠭᠡ ᠦᠵᠡᠮᠵᠢ ᠪᠣᠯᠭᠠᠨ ᠴᠢᠮᠡᠭᠯᠡᠭᠡᠷᠡᠶ᠃ ᠪᠣᠯᠪᠠᠰᠤᠨ ᠢᠶᠠᠷ ᠭᠠᠳᠠᠭᠰᠢ ᠭᠠᠷᠴᠤ ᠵᠤᠭᠠᠴᠠᠨ᠂ ᠳᠠᠯᠳᠠ ᠭᠡᠮ ᠢ ᠡᠷᠡᠰ | ᠬᠤᠷᠢᠭᠯᠠᠨ᠎ᠠ᠃ ᠲᠠ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠨᠣᠴᠣᠭᠠᠵᠤ ᠬᠡᠭᠡᠷ᠎ᠡ | ᠬᠤᠭᠤᠯᠠᠯᠠᠬᠤ ᠦᠭᠡᠢ᠂ ᠵᠠᠳᠠᠭᠠᠶ ᠰᠢᠷᠠᠬᠤ ᠦᠭᠡᠢ᠂ ᠭᠤᠤᠯ ᠤᠨ ᠬᠥᠪᠡᠭᠡᠨ ᠳᠤ ᠨᠠᠭᠠᠳᠴᠤ ᠲᠣᠭᠯᠠᠬᠤ ᠦᠭᠡᠢ᠂ | ᠪᠣᠯᠪᠠᠰᠤᠨ ᠢᠶᠠᠷ ᠶᠠᠪᠤᠵᠤ ᠰᠠᠭᠤᠵᠤ᠂ ᠠᠮᠤᠷ ᠲᠦᠪᠰᠢᠨ ᠢᠶᠠᠷ ᠶᠠᠪᠤᠵᠤ᠂ ᠠᠮᠤᠷ ᠲᠦᠪᠰᠢᠨ ᠪᠠᠶᠠᠷ ᠬᠥᠷ ᠲᠠᠢ | ᠪᠠᠶᠠᠷ ᠤᠨ ᠡᠳᠦᠷ ᠢ ᠬᠠᠮᠲᠤ ᠪᠠᠷ ᠥᠩᠭᠡᠷᠡᠭᠡᠭᠡᠷᠡᠶ᠃ ᠪᠣᠯᠪᠠᠰᠤᠨ ᠢᠶᠠᠷ ᠨᠠᠶᠢᠷ ᠲᠠᠯᠪᠢᠵᠤ᠂ ᠡᠮᠬᠢ ᠳᠢᠭᠯᠢᠮ ᠢ | ᠬᠠᠮᠠᠭᠠᠯᠠᠶ᠎ᠠ᠃ ᠲᠠ ᠣᠯᠠᠨ ᠨᠡᠶᠢᠲᠡ ᠶᠢᠨ ᠡᠮᠬᠢ ᠳᠢᠭᠯᠢᠮ ᠢ ᠵᠢᠷᠤᠮᠯᠠᠵᠤ᠂ ᠣᠯᠠᠨ ᠨᠡᠶᠢᠲᠡ ᠶᠢᠨ ᠲᠠᠯᠠᠪᠤᠷ ᠲᠤ | ᠤᠬᠠᠮᠰᠠᠷ ᠠᠴᠠ ᠪᠠᠨ ᠮᠥᠷᠯᠡᠵᠦ᠂ ᠪᠣᠯᠪᠠᠰᠤᠨ ᠢᠶᠠᠷ ᠨᠠᠶᠢᠷ ᠲᠠᠯᠪᠢᠵᠤ᠂ ᠲᠡᠷᠭᠡ ᠬᠥᠰᠬᠡ ᠪᠠᠨ ᠳᠤᠷ᠎ᠠ ᠪᠠᠷ | ᠵᠣᠭᠰᠣᠭᠠᠬᠤ ᠥᠬᠡᠶ᠂ ᠪᠣᠯᠪᠠᠰᠤᠨ ᠢᠶᠠᠷ ᠮᠠᠭᠤ ᠳᠠᠳᠬᠠᠯ ᠢ ᠡᠰᠡᠷᠭᠦᠴᠡᠵᠦ᠂ ᠶᠣᠰᠣᠯᠠᠯ ᠢᠶᠠᠷ ᠪᠣᠯᠪᠠᠰᠤᠨ ᠢ | ᠳᠠᠶᠢᠴᠢᠯᠠᠭᠠᠷᠠᠶ᠃ ᠨᠢᠭᠡ ᠴᠡᠴᠡᠭ ᠨᠢᠭᠡ ᠮᠣᠳᠣ ᠪᠦᠷ ᠦᠵᠡᠮᠵᠢ᠂ ᠨᠢᠭᠡ ᠦᠭᠡ ᠨᠢᠭᠡ ᠠᠵᠢᠯᠯᠠᠭ᠎ᠠ ᠪᠦᠷ ᠪᠣᠯᠪᠠᠰᠤᠨ | ᠪᠠᠢᠬᠤ ᠬᠡᠷᠡᠭᠲᠡᠶ᠃ ᠪᠣᠯᠪᠠᠰᠤᠨ ᠣᠷᠴᠢᠨ ᠲᠣᠭᠤᠷᠢᠨ ᠢ ᠤᠯᠠᠨ ᠢᠶᠠᠷ ᠢᠶᠠᠨ ᠬᠠᠮᠲᠤ ᠪᠠᠷ ᠬᠠᠮᠠᠭᠠᠯᠠᠬᠤ ᠬᠡᠷᠡᠭᠲᠡᠢ᠂ | ᠪᠢᠳᠡ ᠪᠦᠬᠦᠨ ᠴᠥᠮ ᠪᠣᠯᠪᠠᠰᠤᠨ ᠤ ᠤᠯᠠᠮᠵᠢᠯᠠᠭᠴᠢ ᠮᠥᠨ᠃ ᠪᠢᠳᠡ ᠢᠳᠡᠪᠬᠢᠲᠡᠢ ᠬᠥᠳᠡᠯᠦᠯᠴᠡᠵᠦ᠂ | ᠰᠠᠨᠠᠭᠠᠴᠢᠯᠠᠭ᠎ᠠ ᠠᠴᠠ ᠪᠠᠨ ᠪᠣᠯᠪᠠᠰᠤᠨ ᠤ ᠡᠩᠨᠡᠭᠡᠨ ᠳᠤ ᠣᠷᠣᠵᠤ᠂ ᠬᠠᠮᠲᠤ ᠪᠠᠷ ᠢᠶᠠᠨ ᠦᠵᠡᠰᠬᠦᠯᠡᠩᠲᠦ ᠰᠠᠶᠢᠬᠠᠨ | ᠬᠦᠷᠢᠶ᠎ᠡ ᠪᠠᠨ ᠰᠠᠬᠢᠨ ᠬᠠᠮᠠᠭᠠᠯᠠᠶ᠎ᠠ︕ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠃ ᠬᠦᠷᠢᠶ᠎ᠡ ᠬᠤᠰᠢᠭᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠃ 2023 ᠣᠨ ᠤ 6 ᠰᠠᠷ᠎ᠠ᠃ |