ᠣᠶᠢᠷ᠎ᠠ ᠶᠢᠨ ᠡᠳᠦᠷ ᠤᠳ ᠲᠤ᠂ ᠰᠢᠶᠠᠨᠵᠢᠨ ᠰᠤᠮᠤ ᠶᠢᠨ ᠬᠢᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ | ᠠᠵᠢᠯ ᠢ ᠢᠳᠡᠪᠬᠢᠲᠡᠶ ᠠᠬᠢᠭᠤᠯᠤᠨ ᠨᠠᠶᠢᠳᠠᠪᠤᠷᠢᠵᠢᠭᠤᠯᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ | ᠭᠡᠰᠢᠭᠦᠨ ᠺᠠᠳ᠋ᠷᠴᠤᠳ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠠᠷᠭ᠎ᠠ ᠮᠠᠶ᠋ᠢᠭ ᠢᠶᠠᠷ ︽ᠬᠤᠶᠠᠷ ᠥᠮᠡᠨ︾ ᠢ ᠰᠡᠷᠭᠡᠶᠢᠯᠡᠨ | ᠵᠠᠰᠠᠬᠤ ᠮᠡᠳᠡᠯᠭᠡ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠵᠣᠬᠢᠬᠤ | ᠨᠠᠰᠤᠨ ᠤ ᠡᠮᠡᠭᠲᠡᠶᠢᠴᠦᠳ ᠢ ᠰᠢᠭᠰᠢᠨ ᠪᠠᠶᠢᠴᠠᠭᠠᠬᠤ ᠪᠠᠷ ᠵᠦᠶ ᠵᠣᠬᠢᠰᠲᠠᠶ ᠡᠮᠬᠢ ᠵᠢᠷᠤᠮ ᠲᠠᠢ ᠲᠣᠬᠢᠷᠠᠭᠤᠯᠪᠠ᠃ | ᠣᠲᠣ ᠪᠣᠯᠲᠠᠯ᠎ᠠ᠂ ᠪᠥᠬᠦ ᠰᠤᠮᠤ ᠶᠢᠨ 16 ᠭᠠᠴᠠᠭ᠎ᠠ ᠲᠣᠰᠬᠤᠨ ᠤ ᠨᠡᠶᠢᠲᠡ 731 ᠡᠮᠡᠭᠲᠡᠶ ᠰᠢᠭᠰᠢᠨ | ᠪᠠᠶᠢᠴᠠᠭᠠᠯᠲᠠ ᠳᠤ ᠣᠷᠣᠯᠴᠠᠵᠤ᠂ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ | ᠦᠨᠡᠨ ᠬᠦ ᠳᠡᠭᠡᠭᠰᠢᠯᠡᠭᠦᠯᠦᠨ᠂ ᠵᠣᠬᠢᠬᠤ ᠨᠠᠰᠤᠨ ᠤ ᠡᠮᠡᠭᠲᠡᠶᠢᠴᠦᠳ ᠲᠤ ︽ᠰᠡᠷᠭᠡᠶᠢᠯᠡᠬᠦ︾ ᠨᠢ ︽ᠵᠠᠰᠠᠬᠤ︾ ᠠᠴᠠ | ᠴᠢᠬᠤᠯᠠ ᠪᠠᠶᠢᠬᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠶ ᠪᠣᠯᠭᠠᠭᠰᠠᠨ ᠪᠠᠶᠢᠨ᠎ᠠ᠃ | | | |