| | | 7 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ ᠣᠷᠤᠨ ᠪᠦᠰᠡ ᠶᠢᠨ ᠳᠣᠲᠤᠷᠠᠬᠢ ᠬᠤᠷᠴᠢᠨ ᠤ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠡᠶᠢᠨ ᠢ ᠰᠠᠶᠢᠲᠤᠷ ᠬᠢᠬᠦ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠠᠰ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠳᠡᠭᠡᠷ᠎ᠡ᠂ ᠮᠠ ᠾᠦᠢ ᠵᠢᠢ᠂ ᠪᠦᠬᠦ ᠬᠤᠰᠢᠭᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠦᠨᠡᠨ | ᠬᠦ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ᠤᠯᠤᠰ ᠤᠨ ᠠᠮᠢ ᠠᠬᠤᠢ ᠶᠢᠨ | ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠦᠨᠳᠦᠷᠴᠡ ᠠᠴᠠ ᠣᠷᠤᠨ ᠪᠦᠰᠡ ᠶᠢᠨ ᠳᠣᠲᠤᠷᠠᠬᠢ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠠᠶᠢᠨ ᠢ ᠤᠬᠠᠮᠰᠠᠷ ᠠᠴᠠ ᠪᠠᠨ ᠰᠠᠶᠢᠲᠤᠷ ᠬᠢᠵᠦ | ᠢᠯᠠᠯᠲᠠ ᠤᠯᠬᠤ ᠬᠡᠷᠡᠭᠲᠡᠢ︔ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠶ᠎ᠡ ᠶᠢᠨ ᠨᠠᠷᠢᠯᠢᠭ ᠡᠷᠴᠢᠮ ᠢ ᠭᠠᠷᠭᠠᠨ᠂ ᠠᠶᠢᠵᠠᠮ ᠢᠶᠠᠨ ᠲᠦᠷᠭᠡᠳᠬᠡᠬᠦ ᠪᠠᠷ ᠪᠠᠷᠠᠬᠤ | ᠥᠬᠡᠶ ᠪᠠᠰᠠ ᠲᠣᠳᠣᠷᠬᠠᠶ ᠨᠠᠷᠢᠯᠢᠭ ᠣᠨᠣᠪᠴᠢᠲᠠᠶ ᠪᠠᠶᠢᠬᠤ ᠶᠢ ᠪᠡᠶᠡᠯᠡᠭᠦᠯᠵᠦ᠂ ᠡᠷᠬᠡᠪᠰᠢ ᠲᠣᠰᠬᠤᠨ ᠳᠠᠷᠠᠭᠠᠯᠠᠨ | ᠬᠡᠰᠡᠭ ᠭᠠᠵᠠᠷ ᠳᠠᠷᠠᠭᠠᠯᠠᠨ ᠬᠢᠨᠠᠨ ᠬᠠᠷᠭᠤᠭᠤᠯᠵᠤ ᠵᠦᠪᠰᠢᠶᠡᠷᠡᠭᠦᠯᠦᠨ᠂ ᠪᠠᠶᠢᠳᠠᠯ ᠢ ᠣᠶᠢᠯᠠᠭᠠᠬᠤ ᠡᠨᠡ ᠬᠦ | ᠬᠠᠮᠤᠭ ᠤᠨ ᠰᠠᠭᠤᠷᠢ ᠴᠢᠨᠠᠷᠲᠠᠶ ᠠᠵᠢᠯ ᠢ ᠯᠠᠪᠳᠠᠭᠤᠨ ᠪᠠᠲᠤᠲᠠᠶ ᠬᠢᠬᠦ ᠶᠢ ᠪᠠᠲᠤᠯᠠᠬᠤ ᠬᠡᠷᠡᠭᠲᠡᠶ︔ ᠢᠲᠡᠭᠡᠯ | ᠵᠣᠷᠢᠭ ᠢᠶᠠᠨ ᠪᠠᠲᠤᠳᠬᠠᠵᠤ᠂ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠪᠠᠳᠠᠷᠠᠭᠤᠯᠦᠨ᠂ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ᠂ ᠪᠣᠳᠠᠲᠠᠢ ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ ᠲᠡᠮᠡᠴᠡᠯ ᠤᠨ ᠵᠣᠷᠢᠭ ᠢ | ᠴᠢᠨᠠᠭᠰᠢᠳᠠ ᠬᠥᠭᠵᠢᠭᠡᠵᠦ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠪᠠᠶᠢᠳᠠᠯ ᠳᠤ ᠦᠳᠲᠡᠷ ᠲᠦᠷᠭᠡᠨ | ᠣᠷᠣᠵᠤ᠂ ᠴᠢᠨᠠᠷ ᠰᠠᠶᠢᠲᠠᠢ ᠪᠠᠷ ︽ ᠶᠡᠷᠦᠩᠬᠡᠶᠢᠯᠡᠨ ᠵᠠᠰᠠᠬᠤ ᠳᠠᠶᠢᠨ︾ ᠤ ᠢᠯᠠᠯᠲᠠ ᠶᠢ ᠤᠯᠬᠤ ᠶᠢ ᠪᠠᠲᠤᠯᠠᠬᠤ | ᠬᠡᠷᠡᠭᠲᠡᠢ︔ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠬᠤ ᠪᠠᠷ | ᠳᠠᠮᠵᠢᠭᠤᠯᠤᠨ᠂ ᠣᠯᠠᠨ ᠲᠦᠮᠡᠨ᠂ ᠲᠤᠰᠬᠠᠶ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ | ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠵᠦᠶ | ᠵᠣᠬᠢᠰᠲᠠᠶ᠂ ᠬᠦᠷᠢᠶ᠎ᠡ ᠶᠢᠨ ᠪᠣᠳᠠᠲᠤ ᠪᠠᠶᠢᠳᠠᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ︔ | ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠤᠯᠠᠨ ᠲᠦᠮᠡᠨ ᠣᠷᠣᠯᠴᠠᠬᠤ ᠵᠡᠷᠭᠡ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ᠂ ᠶᠡᠭᠡ ᠳᠠᠶᠢᠯᠠᠯᠳᠤᠭᠠᠨ ᠤ ᠰᠦᠷ ᠵᠢᠪᠬᠤᠭ᠎ᠠ ᠪᠦᠬᠦ | ᠬᠦᠴᠦᠨ ᠢᠶᠠᠷ ᠶᠡᠷᠦᠩᠬᠡᠶᠢᠯᠡᠨ ᠵᠠᠰᠠᠬᠤ ᠳᠠᠶᠢᠨ ᠤ ᠢᠯᠠᠯᠲᠠ ᠶᠢ ᠤᠯᠬᠤ ᠬᠡᠷᠡᠭᠲᠡᠢ︔ ᠣᠯᠣᠯᠴᠠᠭ᠎ᠠ ᠪᠠᠨ ᠰᠠᠶᠢᠲᠤᠷ | ᠬᠢᠵᠦ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤ ᠯᠤᠭ᠎ᠠ ᠡᠭᠦᠷᠭᠡ ᠶᠢ ᠵᠣᠯᠭᠠᠭᠤᠯᠤᠨ᠂ | ᠲᠥᠷᠥᠯ ᠵᠦᠢᠯ ᠭᠤᠶᠤᠴᠢᠯᠠᠨ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠪᠠ ᠪᠣᠳᠠᠲᠠᠶ ᠠᠵᠢᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠶᠢ ᠪᠠᠲᠤᠯᠠᠬᠤ ᠬᠡᠷᠡᠭᠲᠡᠶ︔ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠶ ᠠᠩᠭᠢ ᠶᠢ ᠳᠠᠷᠤᠶ | ᠲᠦᠷᠭᠡᠨ ᠪᠠᠶᠢᠭᠤᠯᠤᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠪᠦᠷᠢᠨ ᠲᠡᠭᠦᠯᠳᠡᠷ | ᠠᠵᠢᠯ ᠤᠨ ᠰᠢᠰᠲ᠋ᠧᠮ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠠᠶᠢᠨ ᠢ ᠲᠦᠷᠭᠡᠳᠬᠡᠨ ᠬᠢᠬᠦ ᠬᠡᠷᠡᠭᠲᠡᠶ ᠭᠡᠵᠦ | ᠱᠠᠭᠠᠷᠳᠠᠪᠠ᠃ |