ᠳᠥᠷᠪᠡᠳᠦᠭᠡᠷ ᠬᠤᠭᠤᠴᠠᠭᠠᠨ ᠤ ︽ᠤᠶᠤᠳᠠᠢ︾ ᠬᠤᠨᠳᠠᠭᠠᠲᠤ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2023/7/27
   7 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠯᠡᠰᠦᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠰᠣᠶᠣᠯ ᠤᠨ ᠣᠷᠳᠣᠨ ᠠᠴᠠ ᠬᠠᠮᠵᠢᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ︽ᠤᠶᠤᠳᠠᠢ︾ ᠬᠤᠨᠳᠠᠭᠠᠲᠤ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠡᠯᠡᠰᠦᠨ ᠪᠠᠯᠭᠠᠰᠤᠨ ᠤ ᠰᠣᠶᠣᠯ ᠤᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠲᠢᠶᠧ ᠯᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠱᠠᠭᠠᠷᠠᠢ ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠪᠠ᠃    ᠠᠩᠬᠠᠨ ᠤ ᠤᠷᠤᠯᠳᠤᠭᠠᠨ᠂ ᠬᠤᠶᠠᠳᠡᠬᠢ ᠤᠷᠤᠯᠳᠤᠭᠠᠨ ᠤ ᠣᠯᠠᠨ ᠱᠠᠲᠤᠨ ᠤ ᠰᠤᠩᠭᠤᠯᠲᠠ ᠪᠠᠷ ᠳᠠᠮᠵᠢᠨ᠂ ᠨᠡᠶᠢᠲᠡ 24 ᠨᠡᠷᠡᠰ ᠰᠢᠯᠢᠳᠡᠭᠴᠦᠳ ᠰᠢᠢᠳᠪᠦᠷᠢᠲᠦ ᠤᠷᠤᠯᠳᠤᠭᠤᠨ ᠳᠤ ᠣᠷᠣᠵᠠᠶ᠃ ᠰᠢᠢᠳᠪᠦᠷᠢᠲᠦ ᠤᠷᠤᠯᠳᠤᠭᠠᠨ ᠢ ᠨᠠᠰᠤᠨ ᠳᠤ ᠬᠦᠷᠦᠭᠰᠡᠳ ᠤᠨ ᠳᠣᠭᠤᠶᠢᠯᠠᠩ᠂ ᠪᠠᠭᠠᠴᠤᠳ ᠤᠨ ᠳᠣᠭᠤᠶᠢᠯᠠᠩ ᠬᠤᠪᠢᠶᠠᠨ ᠶᠠᠪᠤᠭᠳᠠᠭᠤᠯᠪᠠ᠃ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ ᠳᠤ᠂ ᠪᠠᠭᠠᠴᠤᠳ ᠬᠡᠦᠬᠡᠳ ᠤᠨ ᠳᠤᠭᠤᠶᠢᠯᠠᠩ ᠤᠨ ᠬᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ︽ᠳ᠋ᠢᠩᠰᠢᠶᠠᠩ ᠪᠦᠭᠡᠷ᠎ᠡ︾᠂ ︽ᠮᠧᠯᠢᠮ᠎ᠠ︾᠂ ︽ᠰᠢᠷ᠎ᠠ ᠬᠠᠳᠠ︾ ᠵᠡᠷᠭᠡ ᠢᠷᠠᠭᠤ ᠰᠠᠶᠢᠬᠠᠨ ᠬᠦᠭ ᠠᠶᠠᠰ ᠲᠠᠢ ᠠᠷᠠᠳ ᠤᠨ ᠳᠠᠭᠤᠤ ᠶᠢ ᠳᠠᠭᠤᠯᠠᠬᠤ ᠪᠠᠷ ᠳᠠᠮᠵᠢᠨ᠂ ᠤᠳᠤ ᠦᠶ᠎ᠡ ᠶᠢᠨ ᠵᠠᠯᠠᠭᠤᠴᠤᠳ ᠪᠠᠭᠠᠴᠤᠳ ᠤᠨ ᠢᠳᠡᠪᠬᠢᠲᠡᠢ ᠥᠭᠡᠳᠡᠯᠡᠨ ᠲᠠᠪᠰᠢᠬᠤ᠂ ᠥᠷᠨᠢᠭᠦᠨ ᠪᠠᠳᠠᠷᠠᠩᠭᠤᠢ ᠤᠷᠤᠭᠰᠢᠯᠠᠨ  ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠨᠠᠰᠤᠨ ᠳᠤ ᠬᠦᠷᠦᠭᠰᠡᠳ ᠤᠨ ᠳᠣᠭᠤᠶᠢᠯᠠᠩ ᠨᠢ ᠬᠦᠩᠭᠢᠨᠡᠮ᠎ᠡ ᠳᠠᠭᠤᠨ᠂ ᠬᠠᠩᠭᠢᠨᠠᠮ᠎ᠠ ᠠᠶᠠᠰ ᠢᠶᠠᠷ ︽ᠮᠠᠨᠳᠤᠯ᠎ᠠ ᠭᠡ ᠭᠡ  ︾᠂ ︽ᠭᠤᠤ ᠰᠢᠶᠤᠤ ᠵᠢᠶᠧ︾᠂ ︽ᠨᠤᠭᠤᠨᠵᠠᠶᠠᠭ᠎ᠠ︾ ᠵᠡᠷᠭᠡ ᠤᠯᠠᠮᠵᠢᠯᠠᠯᠲᠤ ᠠᠷᠠᠳ ᠤᠨ ᠳᠠᠭᠤᠤ ᠶᠢ ᠵᠠᠯᠭᠠᠭ᠎ᠠ ᠪᠠᠷ ᠲᠣᠭᠯᠠᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠥᠷᠥᠭᠡᠳᠦᠯ ᠢᠶᠠᠨ ᠢᠯᠡᠳᠬᠡᠭᠰᠡᠨ ᠪᠥᠭᠡᠳ ᠡᠬᠡ ᠪᠠᠶᠢᠭᠠᠯᠢ᠂ ᠨᠤᠲᠤᠭ ᠤᠰᠤ᠂ ᠲᠠᠯ᠎ᠠ ᠨᠤᠲᠤᠭ ᠲᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠᠨ ᠴᠦ ᠢᠯᠡᠳᠬᠡᠭᠰᠡᠨ ᠪᠠᠶᠢᠨ᠎ᠠ᠃ ᠣᠷᠤᠯᠴᠠᠭᠴᠢᠳ ᠳᠠᠭᠤᠨ ᠢᠶᠠᠷ ᠢᠶᠠᠨ ᠦᠵᠡᠭᠴᠢᠳ ᠤᠨ ᠤᠷᠮ᠎ᠠ ᠶᠢ ᠲᠠᠲᠠᠵᠤ᠂ ᠦᠶ᠎ᠡ ᠦᠶ᠎ᠡ ᠠᠯᠠᠭ᠎ᠠ ᠲᠠᠰᠢᠯᠲᠠ ᠨᠢᠵᠢᠭᠢᠨᠡᠵᠦ ᠪᠠᠶᠢᠪᠠ᠃    ᠳᠠᠷᠠᠭ᠎ᠠ ᠨᠢ ᠶᠠᠪᠤᠭᠳᠠᠭᠰᠠᠨ ᠱᠠᠩᠨᠠᠯ ᠣᠯᠭᠤᠬᠤ ᠦᠳᠡᠰᠢᠯᠡᠭᠡ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠤᠷᠤᠯᠳᠤᠭᠠᠨ ᠤ ᠪᠠᠭᠠᠴᠤᠳ ᠬᠡᠦᠬᠡᠳ ᠤᠨ ᠳᠤᠭᠤᠶᠢᠯᠠᠩ᠂ ᠨᠠᠰᠤᠨ ᠳᠤ ᠬᠦᠷᠦᠭᠰᠡᠳ ᠤᠨ ᠳᠣᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠬᠦᠷᠲᠡᠭᠴᠢ ᠳᠤ ᠱᠠᠩᠨᠠᠯ ᠭᠠᠷᠳᠠᠭᠤᠯᠪᠠ᠃ ᠠᠬᠤᠢ ᠲᠠᠯᠠᠪᠠᠢ ᠳᠤ ᠪᠠᠰᠠ ᠭᠤᠴᠣᠯᠠᠯ ᠳᠠᠭᠤᠤ᠂ ᠪᠥᠵᠢᠭ᠂ ᠬᠤᠯᠪᠣᠭ᠎ᠠ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠵᠡᠭᠴᠢᠳ ᠲᠤ ᠤᠳᠬ᠎ᠠ ᠤᠷᠠᠯᠢᠭ ᠤᠨ ᠦᠪᠡᠳᠡᠭᠰᠢ ᠨᠠᠶᠢᠷ ᠬᠦᠷᠭᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ 4 ᠡᠳᠦᠷ ᠶᠠᠪᠤᠭᠳᠠᠵᠤ᠂ ᠡᠷᠭᠢᠨ ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠤ 200 ᠭᠠᠷᠤᠶ  ᠨᠡᠷᠡᠰ ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号