| | | ︽8 . 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠲᠢᠶᠧ ᠯᠦᠩ ᠡᠯᠡᠰᠦᠨ ᠪᠠᠯᠭᠠᠰᠤᠨ ᠳᠤ ᠬᠦᠷᠴᠦ ᠠᠬᠠᠮᠠᠳ | ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠪᠠ᠃ ᠵᠠᠩ ᠲᠢᠶᠧ ᠯᠦᠩ ᠠᠬᠠᠮᠠᠳ ᠴᠡᠷᠢᠭ ᠠᠴᠠ | ᠬᠠᠯᠠᠭᠳᠠᠭᠰᠠᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠢ ᠨᠠᠷᠢᠨ ᠣᠶᠢᠯᠠᠭᠠᠭᠰᠠᠨ | ᠪᠦᠭᠡᠳ ᠲᠡᠳᠡᠨ ᠤ ᠬᠡᠷ ᠪᠦᠯᠢ ᠶᠢᠨ ᠬᠢᠨ ᠤ ᠡᠬᠡ ᠤᠯᠤᠰ᠂ ᠠᠷᠠᠳ ᠲᠦᠮᠡᠨ᠂ ᠴᠡᠷᠢᠭ ᠠᠩᠭᠢ ᠳᠤ ᠦᠵᠡᠭᠦᠯᠦᠭᠰᠡᠨ | ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠨᠠᠮ ᠪᠠ ᠤᠯᠤᠰ ᠤᠨ ᠰᠠᠶᠢᠨ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠨ ᠥᠭᠴᠦ᠂ ᠲᠡᠳᠡᠨ ᠢ ᠰᠠᠨᠠᠭ᠎ᠠ ᠠᠮᠤᠷ ᠠᠮᠢᠳᠤᠷᠠᠵᠤ᠂ ᠪᠡᠶ᠎ᠡ ᠪᠠᠨ ᠭᠠᠮᠨᠠᠭᠠᠷᠠᠶ ᠭᠡᠵᠦ ᠵᠣᠷᠢᠭᠵᠢᠭᠤᠯᠪᠠ᠃ | |