ᠢᠬᠡᠷ᠎ᠡ ᠤᠳᠠ
ᠨᠡᠶᠢᠲᠡᠯᠡᠭᠰᠡᠨ ᠴᠠᠭ᠄
2023/8/2
    ᠭᠦᠷᠢᠶ᠎ᠡ ᠬᠤᠰᠢᠭᠤᠨ ᠤ ᠨᠢᠬᠡᠳᠦᠬᠡᠷ ᠲᠤᠮᠳᠠᠳᠦ ᠰᠤᠷᠭᠠᠭᠤᠯᠢ ᠶᠢᠨ ᠡᠭᠦᠳᠡ ᠪᠠᠷ ᠲᠤᠳᠤᠭᠰᠢ ᠤᠷᠤᠪᠠᠯ ᠵᠠᠮ  ᠤᠨ ᠬᠤᠶᠠᠷ ᠬᠠᠵᠠᠭᠤ ᠳᠤ ᠢᠬᠡᠷ᠎ᠡ ᠤᠷᠭᠤᠭᠰᠠᠨ ᠮᠤᠩᠭᠤᠯ ᠤᠳᠠ ᠰᠦᠨᠳᠡᠷᠯᠡᠵᠦ ᠪᠠᠶᠢᠳᠠᠭ᠃ ᠦᠨᠳᠦᠷ ᠨᠢ 10 ᠮᠧᠲᠷ ᠤᠷᠴᠢᠮ᠂ ᠭᠤᠤᠯ ᠪᠡᠶ᠎ᠡ ᠶᠢᠨ ᠭᠦᠷᠢᠶᠡᠨ ᠤ ᠤᠷᠳᠦ ᠨᠢ 6 ᠮᠧᠲᠷ ᠪᠠᠶᠢᠳᠠᠭ᠃ ᠲᠡᠤᠬᠡ ᠶᠢᠨ ᠲᠡᠮᠳᠡᠭᠯᠡᠯ ᠢ ᠦᠨᠳᠦᠰᠦᠯᠡᠪᠡᠯ ᠭᠦᠷᠢᠶᠡᠨ ᠭᠤᠤ ᠳᠤ ᠮᠠᠰᠢ ᠤᠯᠠᠨ ᠨᠡᠷᠡᠳᠦ ᠦᠨᠡᠳᠦ ᠮᠤᠳᠤᠳ ᠪᠠᠶᠢᠭᠰᠠᠨ ᠪᠤᠯᠪᠠᠴᠦ ᠤᠨ ᠤ ᠤᠳᠠᠭᠠᠨ ᠳᠤ ᠤᠯᠠᠩᠬᠢ ᠨᠢ ᠤᠰᠠᠳᠴᠦ ᠦᠭᠦᠭᠰᠡᠨ ᠪᠠᠶᠢᠨ᠎ᠠ᠃ ᠡᠨᠡ ᠬᠤᠶᠠᠷ ᠮᠤᠩᠭᠤᠯ ᠤᠳᠠ ᠨᠢ ︽ᠦᠬᠢᠨ ᠲᠡᠭᠷᠢ ᠶᠢᠨ ᠰᠢᠳᠦᠬᠡᠨ ᠰᠦᠮ᠎ᠡ︾ ᠶᠢᠨ ᠪᠠᠷᠠᠭᠤᠨ ᠡᠮᠦᠨ᠎ᠡ ᠤᠷᠭᠤᠵᠦ ᠪᠠᠶᠢᠳᠠᠭ ᠪᠦᠬᠡᠳ ᠬᠤᠶᠠᠷ ᠵᠠᠭᠤ ᠭᠠᠷᠤᠢ ᠨᠠᠰᠦ ᠲᠠᠢ ᠪᠤᠯᠵᠠᠢ ᠬᠡᠵᠦ ᠭᠦᠮᠦᠰ ᠬᠠᠭᠤᠴᠢᠯᠠᠳᠠᠭ ᠶᠤᠮ᠃
 
ᠢᠷᠡᠯᠲᠡ᠄ ︽ᠲᠠᠯ᠎ᠠ ᠨᠤᠳᠤᠭ ᠤᠨ ᠨᠡᠭᠦᠳᠡᠯ ᠮᠠᠯᠵᠢᠯ ᠤᠨ ᠰᠤᠶᠤᠯ ᠤᠨ ᠲᠡᠮᠳᠡᠭ︾ ᠴᠤᠪᠤᠷᠠᠯ ᠪᠢᠴᠢᠭ ᠤᠨ ᠭᠦᠷᠢᠶ᠎ᠡ ᠬᠤᠰᠢᠭᠤᠨ ᠤ ᠪᠤᠳᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号