| | | 8 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠬᠠᠨ ᠰᠥᠩ ᠤᠷᠢᠳ ᠬᠤᠵᠢᠳ ᠱᠦᠶ ᠴᠢᠤᠸᠠᠨ ᠰᠢᠶᠠᠩ᠂ ᠯᠢᠦ ᠵᠢᠶᠠᠽᠢ | ᠪᠠᠯᠭᠠᠰᠤ᠂ ᠺᠸᠦ ᠾᠧ ᠽᠢ ᠪᠠᠯᠭᠠᠰᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠪᠠ᠃ ᠱᠦᠶ ᠴᠢᠤᠸᠠᠨ ᠰᠢᠶᠠᠩ ᠤᠨ ᠪᠦᠯᠢᠶᠡᠨ ᠭᠠᠴᠠᠭ᠎ᠠ ᠶᠢᠨ ᠬᠡᠪᠴᠢᠶᠡᠵᠢᠭᠦᠯᠦᠨ ᠦᠬᠡᠷ ᠲᠡᠵᠢᠭᠡᠬᠦ ᠰᠠᠭᠤᠷᠢᠨ | ᠭᠠᠵᠠᠷ᠂ ᠳ᠋ᠣᠤ ᠲᠢᠶᠠᠨ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠭᠦᠯᠦᠨ ᠮᠠᠨᠳᠤᠭᠤᠯᠬᠤ ᠰᠠᠭᠤᠷᠢᠨ | ᠭᠠᠵᠠᠷ᠂ ᠱᠦᠶ ᠴᠢᠤᠸᠠᠨ ᠲᠣᠰᠬᠤᠨ ᠤ ᠴᠧᠩ ᠽᠢ ᠭᠸᠦ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ᠂ ᠱᠦᠶ | ᠴᠢᠤᠸᠠᠨ ᠰᠢᠶᠠᠩ ᠤᠨ ᠲᠣᠮᠢᠯᠠᠭᠰᠠᠨ ᠰᠠᠯᠪᠤᠷᠢ᠂ ᠱᠦᠶ ᠴᠢᠤᠸᠠᠨ ᠰᠢᠶᠠᠩ ᠤᠨ ᠰᠢᠭᠦᠬᠦ ᠲᠢᠩᠬᠢᠮ᠂ ᠱᠦᠶ ᠴᠢᠤᠸᠠᠨ | ᠰᠢᠶᠠᠩ ᠤᠨ ᠵᠢᠯ ᠳᠤ 500 ᠲᠣᠨ ᠬᠡᠷᠬᠡᠨᠡᠭ ᠮᠥᠭᠦ ᠵᠢᠴᠢ ᠵᠢᠮᠢᠰ ᠢᠳᠡᠰᠢᠨ ᠨᠣᠭᠤᠭ᠎ᠠ ᠡᠯᠳᠡᠪ ᠠᠮᠤ ᠡᠯᠳᠡᠪ | ᠵᠦᠢᠯ ᠤᠨ ᠪᠤᠷᠴᠠᠭ ᠢ ᠪᠣᠯᠪᠠᠰᠤᠷᠠᠭᠤᠯᠬᠤ ᠲᠥᠷᠥᠯ ᠵᠦᠢᠯ ᠤᠨ ᠲᠣᠭᠤᠷᠢᠭ᠂ ᠳ᠋ᠣᠤ ᠲᠢᠶᠠᠨ ᠲᠣᠰᠬᠤᠨ ᠤ ︽ | ᠠᠨᠳᠠᠢ ᠤᠯᠠᠭᠠᠨ︾ ᠵᠢᠮᠢᠰ ᠤᠨ ᠬᠦᠷᠢᠶᠡᠯᠡᠩ ᠵᠡᠷᠭᠡ ᠭᠠᠵᠠᠷ ᠲᠤ᠂ ᠵᠠᠩ ᠬᠠᠨ ᠰᠥᠩ ᠡᠯ᠎ᠡ ᠲᠥᠷᠥᠯ ᠵᠦᠢᠯ ᠤᠨ | ᠬᠥᠭᠵᠢᠯᠲᠡ ᠶᠢᠨ ᠲᠥᠯᠥᠪᠵᠢᠭᠦᠯᠭᠡ᠂ ᠵᠢᠱᠢᠭᠰᠡᠨ ᠦᠷ᠎ᠡ ᠠᠰᠢᠭ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ | ᠣᠶᠢᠯᠠᠭᠠᠭᠰᠠᠨ ᠪᠦᠭᠡᠳ ᠵᠢᠯᠣᠭᠤᠳᠬᠤ ᠴᠢᠨᠠᠷᠲᠠᠶ ᠰᠠᠨᠠᠯ ᠳᠤᠷᠠᠳᠬᠤ ᠶᠢᠨ ᠬᠠᠮᠲᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ | ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ︔ | ᠯᠢᠦ ᠵᠢᠶᠠᠽᠢ ᠪᠠᠯᠭᠠᠰᠤᠨ ᠤ ᠰᠢᠩ ᠱᠦ ᠸᠠ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ | ᠯᠢᠦ ᠵᠢᠶᠠᠽᠢ ᠪᠠᠯᠭᠠᠰᠤᠨ ᠤ ᠭᠤᠯᠢᠷ ᠪᠣᠯᠪᠠᠰᠤᠷᠠᠭᠤᠯᠬᠤ ᠦᠢᠯᠡᠳᠪᠦᠷᠢ᠂ ᠵᠢᠦ ᠵᠢᠶᠠᠽᠢ ᠲᠣᠰᠬᠤᠨ ᠤ ᠬᠥᠮᠦᠨ ᠮᠠᠯ ᠢ | ᠰᠠᠯᠭᠠᠭᠰᠠᠨ ᠰᠠᠭᠤᠭᠠᠯᠢ ᠠᠷᠠᠳ ᠤᠨ ᠲᠣᠭᠤᠷᠢᠭ᠂ ᠯᠢᠦ ᠵᠢᠶᠠᠽᠢ ᠲᠣᠰᠬᠤᠨ ᠤ ᠤᠰᠤᠯᠠᠯᠲᠠ ᠶᠢᠨ ᠪᠦᠰᠡ ᠶᠢᠨ | ᠦᠢᠯᠡᠳᠪᠦᠷᠢ ᠵᠢᠴᠢ ᠯᠢᠦ ᠵᠢᠶᠠᠽᠢ ᠪᠠᠯᠭᠠᠰᠤᠨ ᠤ ᠰᠢᠭᠦᠬᠦ ᠲᠢᠩᠬᠢᠮ᠂ ᠲᠣᠮᠢᠯᠠᠭᠰᠠᠨ ᠰᠠᠯᠪᠤᠷᠢ ᠵᠡᠷᠭᠡ ᠭᠠᠵᠠᠷ ᠲᠤ᠂ | ᠵᠠᠩ ᠬᠠᠨ ᠰᠦᠩ ᠯᠢᠦ ᠵᠢᠶᠠᠽᠢ ᠪᠠᠯᠭᠠᠰᠤᠨ ᠤ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠵᠢᠯᠣᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ︔ ᠺᠸᠦ ᠾᠧ | ᠽᠢ ᠪᠠᠯᠭᠠᠰᠤᠨ ᠤ ᠶᠢᠦ ᠪᠥᠸᠧ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠰᠠᠭᠤᠷᠢᠨ᠂ ᠺᠸᠦ ᠾᠧ ᠽᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ | ᠪᠣᠯᠤᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠨ | ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠠᠩ ᠬᠠᠨ ᠰᠦᠩ ᠪᠦᠬᠦ | ᠪᠠᠯᠭᠠᠰᠤᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠵᠢᠴᠢ ᠨᠡᠶᠢᠭᠡᠮ ᠤᠨ ᠵᠠᠰᠠᠯᠲᠠ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠺᠸᠦ ᠾᠧ ᠽᠢ ᠪᠠᠯᠭᠠᠰᠤᠨ ᠤ ᠦᠨᠳᠦᠰᠦᠨ ᠪᠠᠶᠢᠳᠠᠯ ᠤᠨ | ᠲᠠᠨᠢᠯᠴᠠᠭᠤᠯᠭ᠎ᠠ ᠵᠢᠴᠢ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠵᠢᠯᠣᠭᠤᠳᠬᠤ ᠴᠢᠨᠠᠷᠲᠠᠢ ᠰᠠᠨᠠᠭᠤᠯᠭ᠎ᠠ ᠳᠤᠷᠠᠳᠴᠠᠢ᠃ |