ᠮᠠᠩᠬᠠᠨ ᠰᠤᠮᠤ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/8/21
   8 ᠳ᠋ᠤᠭᠠᠷ ᠰᠠᠷ᠎ᠠ ᠶᠢᠨ 18 ᠤ ᠡᠳᠦᠷ᠂ ᠮᠠᠩᠬᠠᠨ ᠰᠤᠮᠤ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠮᠣᠳᠤᠨᠲᠠᠯ᠎ᠠ ᠵᠡᠷᠭᠡ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠬᠠᠶᠢᠨ ᠰᠢᠨᠵᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠨ ᠵᠠᠰᠠᠬᠤ ᠲᠥᠷᠥᠯ ᠵᠦᠢᠯ ᠤᠨ ᠢᠨᠵᠧᠨᠧᠷᠢᠩ ᠤᠨ ᠠᠬᠢᠴᠠ ᠶᠢ ᠨᠠᠷᠢᠨ ᠣᠶᠢᠯᠠᠭᠠᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠠᠭ ᠬᠤᠭᠤᠴᠠᠭ᠎ᠠ ᠶᠢ ᠴᠢᠩᠭ᠎ᠠ ᠠᠳᠬᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号