| | | ᠣᠶᠢᠷ᠎ᠠ ᠳᠤ᠂ ᠰᠢᠶᠠᠨᠵᠢᠨ ᠰᠤᠮᠤ ᠲᠦᠩᠯᠢᠶᠣᠤ ᠶᠢᠨ ᠠᠶ ᠡᠯ ᠨᠢᠳᠦᠨ ᠤ ᠰᠠᠯᠠᠭᠠᠨ ᠤ ᠡᠮᠨᠡᠯᠭᠡ ᠶᠢᠨ | ᠬᠤᠷᠢᠶ᠎ᠠ ᠲᠠᠢ ᠬᠠᠮᠲᠤᠷᠠᠨ ᠡᠯ᠎ᠡ ᠭᠠᠴᠠᠭ᠎ᠠ ᠳᠤ ᠭᠦᠨᠵᠡᠭᠡᠶᠢᠷᠡᠨ ᠨᠢᠭᠦᠯᠡᠰᠦᠩᠭᠦᠶ ᠶᠢᠨ ᠦᠢᠯᠡᠰ ᠤᠨ ᠬᠠᠷᠠᠭ᠎ᠠ | ᠣᠷᠤᠭᠤᠯᠵᠤ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠡᠮᠨᠡᠯᠭᠡ ᠶᠢᠨ | ᠠᠵᠢᠯᠲᠠᠳ ᠣᠯᠠᠨ ᠲᠦᠮᠡᠨ ᠳᠤ ᠦᠷᠭᠦᠯᠵᠢ ᠲᠣᠬᠢᠶᠠᠯᠳᠤᠳᠠᠭ ᠨᠢᠳᠦᠨ ᠤ ᠦᠷᠪᠢᠰᠦᠯ ᠢ ᠰᠦᠢᠳᠭᠡᠯ ᠬᠤᠷᠢᠶᠠᠬᠤ | ᠥᠬᠡᠶ ᠪᠠᠷ ᠪᠠᠶᠢᠴᠠᠭᠠᠵᠤ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠬᠤ ᠶᠢᠨ ᠬᠠᠮᠲᠤ ᠨᠢᠳᠦᠨ ᠤ | ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ᠂ ᠵᠦᠶ ᠵᠣᠬᠢᠰᠲᠠᠶ ᠪᠠᠷ ᠨᠢᠳᠦ ᠪᠠᠨ ᠬᠡᠷᠡᠭᠯᠡᠬᠦ ᠰᠠᠶᠢᠨ ᠰᠠᠶᠢᠬᠠᠨ | ᠳᠠᠳᠬᠠᠯ ᠢ ᠪᠣᠶ ᠪᠣᠯᠭᠠᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠣᠯᠠᠨ ᠲᠦᠮᠡᠨ ᠳᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢᠯᠠᠯ ᠵᠢᠴᠢ ᠨᠡᠶᠢᠭᠡᠮ ᠤᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ᠂ ᠠᠷᠠᠳ | ᠣᠯᠠᠨ ᠤ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠪᠣᠯᠤᠨ᠎ᠠ᠃ |