| | | 8 ᠰᠠᠷ᠎ᠠ ᠶᠢᠨ 26 ᠤ ᠡᠳᠦᠷ᠂ ᠺᠸᠤ ᠾᠧ ᠽᠢ ᠪᠠᠯᠭᠠᠰᠤ ᠺᠸᠤ ᠾᠧ ᠽᠢ ᠲᠣᠰᠬᠤᠨ ᠤ ᠡᠯ᠎ᠡ ᠲᠡᠵᠢᠭᠡᠨ | ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠠᠩᠭᠢ ᠳᠤ | ᠣᠷᠣᠯᠴᠠᠭᠤᠯᠪᠠ᠃ ᠪᠣᠯᠪᠠᠰᠤᠷᠠᠭᠤᠯᠤᠯ ᠤᠨ ᠭᠤᠣᠯᠳᠠᠯᠭ᠎ᠠ ᠨᠢ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ | ᠬᠡᠷᠡᠭᠯᠡᠭᠡᠨ ᠤ ᠮᠡᠷᠭᠡᠵᠢᠯ᠂ ᠤᠯᠤᠰ ᠤᠨ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠲᠦᠷᠦᠯ ᠵᠦᠢᠯ ᠵᠢᠴᠢ ᠬᠠᠤᠯᠢ ᠠᠴᠠ ᠵᠥᠷᠢᠴᠡᠨ ᠭᠠᠵᠠᠷ | ᠬᠡᠷᠡᠭᠯᠡᠬᠦ ᠢ ᠡᠬᠢ ᠡᠭᠦᠰᠦᠯ ᠠᠴᠠ ᠨᠢ ᠵᠠᠰᠠᠬᠤ ᠲᠦᠷᠦ ᠶᠢᠨ ᠪᠤᠳᠤᠯᠭ᠎ᠠ᠂ ᠬᠠᠭᠤᠷᠠᠶ ᠲᠠᠷᠢᠶᠠᠨ ᠤ ᠡᠷᠳᠡᠨᠢ ᠰᠢᠰᠢ ᠶᠢ | ᠰᠢᠨᠵᠢᠯᠡᠬᠦ ᠤᠬᠠᠭᠠᠨᠴᠢ ᠪᠠᠷ ᠲᠠᠷᠢᠬᠤ ᠮᠡᠷᠭᠡᠵᠢᠯ᠂ ᠤᠯᠠᠭᠠᠨ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠵᠦ | ᠰᠠᠶᠢᠵᠢᠷᠠᠭᠤᠯᠬᠤ ᠮᠡᠷᠭᠡᠵᠢᠯ᠂ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ | ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠬᠦ ᠶᠢᠨ ᠬᠠᠮᠲᠤ ᠬᠦᠷᠢᠶ᠎ᠡ ᠬᠤᠰᠢᠭᠤᠨ ᠤ ᠮᠠᠬᠠᠪᠣᠳ ᠤᠨ | ᠰᠦᠷᠦᠭᠵᠢᠯ ᠢ ᠥᠷᠭᠡᠳᠬᠡᠬᠦ ᠪᠠ ᠺᠸᠦ ᠾᠧ ᠽᠢ ᠪᠠᠯᠭᠠᠰᠤ ᠶᠢᠨ ᠠᠵᠤ ᠦᠢᠯᠡᠰ ᠢᠶᠠᠷ ᠪᠠᠯᠭᠠᠰᠤ ᠶᠢ | ᠬᠦᠴᠦᠷᠬᠡᠭᠵᠢᠭᠦᠯᠬᠦ ᠲᠦᠷᠦᠯ ᠵᠦᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠲᠠᠶᠢᠯᠤᠮᠵᠢ ᠪᠠ | ᠤᠬᠠᠭᠤᠯᠭ᠎ᠠ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠤ | ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ |