| | | 8 ᠰᠠᠷ᠎ᠠ ᠶᠢᠨ 28 ᠤ ᠡᠳᠦᠷ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠭᠡᠷ ᠤᠨ | ᠡᠷᠬᠢᠯᠡᠭᠴᠢ ᠶᠢᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠳ᠋ᠠ ᠫᠧᠩ ᠬᠤᠷᠠᠯ ᠢ | ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠳᠦᠷᠢᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠮᠡᠳᠡᠭᠡ ᠵᠠᠩᠭᠢ ᠨᠡᠪᠲᠡᠷᠡᠯᠴᠡᠬᠦ᠂ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ | ᠰᠣᠯᠢᠯᠴᠠᠭ᠎ᠠ ᠪᠠᠨ ᠴᠢᠩᠭᠠᠳᠬᠠᠵᠤ᠂ ᠴᠠᠭ ᠲᠤᠬᠠᠢ ᠳᠤᠨᠢ ᠤᠯᠠᠮᠵᠢᠯᠠᠵᠤ᠂ ᠮᠡᠳᠡᠭᠡ ᠵᠠᠩᠭᠢ ᠶᠢᠨ ᠠᠵᠢᠯ ᠳᠤ ᠰᠢᠨ᠎ᠡ | ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ︔ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠶᠢ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠨ ᠰᠤᠳᠤᠯᠬᠤ ᠶᠠᠪᠤᠴᠠ ᠶᠢᠨ ᠬᠠᠮᠢᠶ᠎ᠠ ᠪᠦᠬᠦᠢ | ᠠᠵᠢᠯ ᠢ ᠰᠠᠶᠢᠲᠤᠷ ᠬᠢᠵᠦ᠂ ᠣᠷᠣᠨ ᠨᠤᠲᠤᠭ ᠤᠨ ᠣᠨᠴᠠᠯᠢᠭ ᠢ ᠳᠤᠪᠤᠶᠢᠯᠭᠠᠨ᠂ ᠬᠦᠯᠢᠶᠡᠨ ᠵᠣᠴᠢᠯᠠᠬᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠤᠰ ᠲᠤᠰ ᠤᠨ ᠡᠭᠦᠷᠭᠡ ᠴᠢᠳᠠᠪᠬᠢ ᠲᠤᠰᠢᠶᠠᠯ | ᠬᠠᠷᠢᠭᠤᠴᠠᠯᠭ᠎ᠠ ᠵᠢᠴᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ | ᠦᠭᠡ ᠬᠡᠯᠡᠵᠡᠢ᠃ | |