| | | 8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 73 ᠳ᠋ᠤᠭᠠᠷ ᠬᠤᠷᠠᠯ ᠬᠤᠷᠠᠯᠳᠤᠪᠠ᠃ ᠬᠤᠷᠠᠯ ᠢ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ | ᠡᠷᠭᠢᠯᠡᠪᠡ᠃ | ᠬᠤᠷᠠᠯ ᠳᠡᠭᠡᠷ᠎ᠡ᠂ 8 ᠰᠠᠷ᠎ᠠ ᠶᠢᠨ 17 ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ | ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ | ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ | ᠲᠡᠭᠦᠯᠳᠡᠷᠵᠢᠭᠦᠯᠤᠨ᠂ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶᠭᠡᠵᠦ | ᠱᠠᠭᠠᠷᠳᠠᠪᠠ᠃ | ᠬᠤᠷᠠᠯ ᠳᠡᠭᠡᠷ᠎ᠡ᠂ ᠪᠥᠬᠦ ᠬᠤᠰᠢᠭᠤᠨ ᠤ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠦᠷᠢᠮ︾ ᠢ | ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠠᠩᠬᠠᠳᠠᠭᠴᠢ ᠪᠥᠬᠦ ᠤᠯᠤᠰ ᠤᠨ ᠠᠮᠢ | ᠠᠬᠤᠶ ᠶᠢᠨ ᠡᠳᠦᠷ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠡᠭᠡᠷ᠎ᠡ᠂ ᠬᠦᠷᠢᠶ᠎ᠡ ᠬᠤᠰᠢᠭᠤᠨ ᠤ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯ ᠳᠡᠭᠡᠷ᠎ᠡ᠂ ᠪᠠᠰᠠ ︽ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠦᠩᠯᠢᠶᠣᠤ ᠬᠤᠲᠠ ᠳᠤ ᠵᠣᠷᠰᠢᠯ ᠤᠨ | ᠲᠣᠭᠤᠷᠢᠨ ᠪᠠᠶᠢᠴᠠᠭᠠᠯᠲᠠ ᠬᠢᠭᠡᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ | ᠬᠠᠷᠢᠴᠠᠭᠤᠯᠤᠨ ᠲᠠᠨᠢᠵᠤ ᠠᠪᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ | ᠬᠤᠷᠢᠶᠠᠨ ᠤ ᠲᠥᠰᠦᠯ︾ ᠪᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠦᠩᠯᠢᠶᠣᠤ ᠬᠤᠲᠠ ᠳᠤ ᠲᠤᠰᠬᠠᠶ ᠲᠣᠭᠤᠷᠢᠨ ᠪᠠᠶᠢᠴᠠᠭᠠᠯᠲᠠ ᠬᠢᠭᠡᠳ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠠᠷᠢᠴᠠᠭᠤᠯᠤᠨ ᠲᠠᠨᠢᠵᠤ ᠠᠪᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠬᠤᠷᠢᠶᠠᠨ ᠤ ᠲᠥᠰᠦᠯ︾᠂ ︽2022 ᠣᠨ ᠤ | ᠡᠳ᠋ ᠤᠨ ᠵᠠᠰᠠᠭ ᠤᠨ ᠲᠥᠰᠦᠪ ᠤᠨ ᠬᠦᠢᠴᠡᠳᠭᠡᠯ ᠤᠨ ᠲᠥᠰᠦᠯ ᠤᠨ ᠲᠤᠬᠠᠶ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠦᠯᠦᠯᠲᠡ︾ ᠶᠢ ᠬᠢᠨᠠᠨ ᠵᠥᠪᠯᠡᠪᠡ᠃ | ᠬᠤᠷᠠᠯ ᠳᠡᠭᠡᠷ᠎ᠡ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠶᠠᠷᠢᠯᠴᠠᠪᠠ᠃ | |