| | | 8 ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠬᠤᠷᠠᠯ ᠬᠤᠷᠠᠯᠳᠤᠪᠠ᠃ ᠮᠠ | ᠾᠦᠢ ᠵᠢᠶ᠂ ᠸᠠᠩ ᠸᠧᠶ᠂ ᠵᠣᠣ ᠭᠠᠩ᠂ ᠢᠦᠶ ᠮᠢᠩ ᠮᠢᠩ ᠬᠤᠷᠠᠯ ᠳᠤ ᠣᠷᠣᠯᠴᠠᠪᠠ᠃ ᠬᠤᠷᠠᠯ ᠢ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ | ᠡᠷᠭᠢᠯᠡᠪᠡ᠃ | ᠬᠤᠷᠠᠯ ᠳᠡᠭᠡᠷ᠎ᠡ᠂ ᠮᠠ ᠾᠦᠢ ᠵᠢᠢ ᠱᠠᠭᠠᠷᠳᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠰᠠᠨᠠᠭᠠᠴᠢᠯᠠᠭᠠᠲᠤ ᠴᠢᠨᠠᠷ ᠢ ᠴᠢᠨᠠᠭᠰᠢᠳᠠ | ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠭᠤᠮᠲᠠ | ᠰᠢᠪᠲᠤᠯᠬᠤ ᠲᠤᠭ ᠢ ᠥᠨᠳᠥᠷ ᠮᠠᠨᠳᠤᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ︔ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢ ᠳᠠᠭᠠᠭᠠᠴᠢᠯᠠᠵᠤ ᠰᠦᠢᠳᠭᠡᠯ ᠲᠤᠰᠢᠶᠠᠬᠤ | ᠲᠥᠷᠥ ᠶᠢᠨ ᠪᠣᠳᠣᠯᠭ᠎ᠠ᠂ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠪᠣᠯᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠬᠥᠮᠦᠵᠢᠭᠦᠯᠬᠦ ᠭᠤᠷᠪᠠᠨ ᠭᠤᠤᠯ ᠡᠭᠦᠷᠭᠡ ᠶᠢ ᠴᠢᠩᠭ᠎ᠠ ᠠᠳᠬᠤᠨ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠰᠢᠨ᠎ᠡ | ᠰᠢᠪᠲᠤᠯᠤᠯᠲᠠ ᠶᠢ ᠲᠦᠷᠭᠡᠳᠬᠡᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︔ ᠥᠭᠡᠷᠡᠴᠢᠯᠡᠯᠲᠡ ᠶᠢᠨ | ᠡᠭᠦᠷᠭᠡ ᠶᠢᠨ ᠠᠬᠢᠴᠠ ᠶᠢ ᠴᠠᠭ ᠲᠤᠬᠠᠶ ᠳᠤᠨᠢ ᠲᠣᠬᠢᠷᠠᠭᠤᠯᠤᠨ ᠳᠠᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠥᠭᠡᠷᠡᠴᠢᠯᠡᠯᠲᠡ ᠶᠢᠨ ᠴᠢᠨᠠᠷ ᠰᠠᠶᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢᠦᠶ | ᠮᠢᠩ ᠮᠢᠩ ᠲᠦᠩᠯᠢᠶᠣᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠲᠠ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ | ᠬᠤᠷᠠᠯ ᠵᠢᠴᠢ ᠨᠢᠭᠲᠠᠷᠬᠠᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠢᠶ᠎ᠠ ᠪᠦᠬᠦᠢ ᠠᠵᠢᠯ ᠤᠨ ᠲᠥᠰᠦᠯ ᠪᠠ ᠮᠡᠳᠡᠭᠦᠯᠦᠯᠲᠡ | ᠳᠡᠪᠰᠢᠭᠦᠯᠪᠡ᠃ ᠬᠤᠷᠠᠯ ᠠᠴᠠ ᠪᠠᠰᠠ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ | ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ᠃ |