| | | ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠵᠠᠩ ᠱᠦ ᠯᠢ ᠠᠵᠢᠯ ᠤᠨ ᠦᠨᠡᠯᠡᠯᠲᠡ ᠪᠠ ᠪᠠᠶᠢᠴᠠᠭᠠᠨ ᠰᠤᠳᠤᠯᠬᠤ ᠳᠤᠭᠤᠶᠢᠯᠠᠩ ᠢ | ᠳᠠᠭᠠᠭᠤᠯᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯ ᠤᠨ | ᠦᠨᠡᠯᠡᠯᠲᠡ ᠪᠠ ᠪᠠᠶᠢᠴᠠᠭᠠᠨ ᠰᠤᠳᠤᠯᠤᠯᠲᠠ ᠥᠷᠨᠢᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠬᠤᠰᠢᠭᠤᠨ ᠤ | ᠶᠡᠷᠦᠩᠬᠡᠶ ᠡᠮᠨᠡᠯᠭᠡ ᠶᠢᠨ ᠬᠤᠷᠢᠶ᠎ᠠ᠂ ᠽᠧ ᠴᠢᠶᠠᠩ ᠡᠮ ᠤᠨ ᠳᠡᠯᠭᠡᠭᠦᠷ ᠤᠨ 154 ᠳᠡᠯᠭᠡᠭᠦᠷ᠂ ᠴᠠᠩ ᠯᠧ ᠶᠡᠭᠡ | ᠡᠮ ᠤᠨ ᠳᠡᠯᠭᠡᠭᠦᠷ᠂ ᠲᠦᠩ ᠵᠢᠶ ᠲᠠᠩ ᠶᠡᠭᠡ ᠡᠮ ᠤᠨ ᠳᠡᠯᠭᠡᠭᠦᠷ᠂ ᠵᠢᠶᠠ ᠮᠢᠩ ᠨᠢᠳᠦᠨ ᠰᠢᠯ ᠤᠨ ᠳᠡᠯᠭᠡᠭᠦᠷ᠂ | ᠮᠸᠢ ᠵᠢᠢ ᠭᠤᠶᠣᠯᠠᠯ ᠤᠨ ᠡᠳ᠋ ᠤᠨ ᠳᠡᠯᠭᠡᠭᠦᠷ ᠵᠡᠷᠭᠡ ᠭᠠᠵᠠᠷ ᠲᠤ ᠬᠦᠷᠴᠦ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠰᠡᠯ᠂ ᠭᠤᠶᠣᠯᠠᠯ ᠤᠨ ᠡᠳ᠋ ᠤᠨ ᠦᠢᠯᠡᠳᠪᠦᠷᠢᠯᠡᠯ᠂ ᠬᠡᠷᠡᠭᠯᠡᠯᠲᠡ ᠪᠠ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠡᠮ ᠤᠨ ᠶᠠᠰᠤ ᠴᠢᠨᠠᠷ ᠨᠢ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠡᠮ ᠤᠨ ᠵᠦᠢᠯ ᠢ ᠬᠤᠳᠠᠯᠳᠤᠨ ᠠᠪᠴᠤ ᠣᠷᠣᠭᠤᠯᠬᠤ | ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠪᠠᠷᠠᠭ᠎ᠠ ᠬᠠᠩᠭᠠᠬᠤ ᠬᠤᠳᠠᠯᠳᠤᠭᠠᠴᠢᠨ ᠳᠤ ᠮᠡᠳᠡᠭᠡ ᠵᠠᠩᠭᠢ ᠶᠢᠨ | ᠲᠠᠩᠰᠠ ᠡᠪᠬᠡᠮᠡᠯ ᠪᠠᠶᠢᠭᠤᠯᠵᠤ᠂ ᠭᠤᠷᠪᠠᠨ ᠦᠨᠡᠮᠯᠡᠯ ᠠᠪᠴᠤ᠂ ᠡᠮ ᠤᠨ ᠵᠦᠢᠯ ᠤᠨ ᠦᠨᠳᠦᠰᠦᠨ ᠮᠡᠳᠡᠭᠡ ᠵᠠᠩᠭᠢ ᠶᠢ | ᠨᠠᠷᠢᠨ ᠬᠢᠨᠠᠮᠠᠭᠠᠶ ᠬᠢᠨᠠᠨ ᠬᠠᠷᠭᠤᠭᠤᠯᠵᠤ ᠲᠡᠮᠳᠡᠭᠯᠡᠬᠦ ᠬᠡᠷᠡᠭᠲᠡᠶ᠃ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠡᠮ ᠤᠨ | ᠵᠦᠢᠯ ᠬᠤᠳᠠᠯᠳᠤᠨ ᠠᠪᠬᠤ ᠵᠠᠮ ᠢ ᠵᠢᠷᠤᠮᠵᠢᠭᠤᠯᠵᠤ᠂ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠬᠠᠭᠤᠴᠢᠨ ᠠᠮᠲᠠᠲᠤ ᠪᠤᠯᠭᠤᠭᠰᠠᠨ ᠢᠳᠡᠭᠡᠨ ᠤ ᠭᠠᠵᠠᠷ᠂ | ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠰᠢᠭᠤᠨ ᠤ ᠬᠤᠶᠠᠳᠤᠭᠠᠷ ᠳᠤᠮᠳᠠᠳᠤ | ᠰᠤᠷᠭᠠᠭᠤᠯᠢ᠂ ᠶᠢᠨ ᠱᠠᠨ ᠰᠢᠩᠭᠡᠵᠢᠮᠡᠯ ᠬᠡᠶ ᠶᠢᠨ ᠥᠷᠲᠡᠭᠡ᠂ ᠯᠢᠦ ᠵᠢᠶᠠᠽᠢ ᠪᠠᠯᠭᠠᠰᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠭᠠᠵᠠᠷ ᠲᠤ ᠬᠦᠷᠴᠦ᠂ ᠢᠳᠡᠭᠡᠨ ᠤ ᠠᠮᠤᠷ ᠲᠦᠪᠰᠢᠨ᠂ ᠰᠢᠩᠭᠡᠵᠢᠮᠡᠯ | ᠬᠡᠶ ᠶᠢᠨ ᠠᠵᠢᠯᠯᠠᠭᠠᠨ ᠤ ᠠᠮᠤᠷ ᠲᠦᠪᠰᠢᠨ ᠵᠢᠴᠢ ᠰᠢᠶᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠳᠠᠷᠠᠭ᠎ᠠ ᠨᠢ ᠬᠤᠷᠠᠯᠳᠤᠭᠤᠯᠤᠭᠰᠠᠨ ᠦᠨᠡᠯᠡᠨ | ᠶᠠᠷᠢᠯᠴᠠᠵᠤ ᠪᠠᠶᠢᠴᠠᠭᠠᠨ ᠰᠤᠳᠤᠯᠤᠯᠲᠠ ᠬᠢᠬᠦ ᠬᠤᠷᠠᠯ ᠳᠡᠭᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠨᠡ ᠵᠢᠯ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ | ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ |