| | | 8 ᠰᠠᠷ᠎ᠠ ᠶᠢᠨ 29 ᠤ ᠡᠳᠦᠷ᠂ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ | ᠲᠣᠪᠴᠢᠶ᠎ᠠ ᠬᠦᠷᠢᠶ᠎ᠡ ᠬᠤᠰᠢᠭᠤᠨ ᠳᠤ ᠢᠷᠡᠵᠦ ᠠᠰᠠᠷᠠᠨ ᠬᠠᠷᠠᠭᠠᠯᠵᠠᠬᠤ ᠪᠠ ᠬᠥᠬᠢᠭᠦᠯᠦᠨ ᠰᠠᠶᠢᠰᠢᠶᠠᠬᠤ | ᠳᠤᠷᠠᠰᠬᠠᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ | ᠡᠩ ᠲᠡᠷᠢᠭᠦᠨ ᠳᠤ ᠺᠸᠦ ᠾᠧ ᠽᠢ ᠪᠠᠯᠭᠠᠰᠤᠨ ᠳᠤ ᠬᠦᠷᠴᠦ ᠠᠰᠠᠷᠠᠨ ᠬᠠᠷᠠᠭᠠᠯᠵᠠᠬᠤ ᠡᠲᠡᠭᠡᠳ ᠤᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠪᠠᠶᠢᠴᠠᠭᠠᠵᠤ᠂ ᠲᠠᠷᠠᠭ᠎ᠠ ᠨᠢ ᠺᠸᠦ ᠾᠧ ᠽᠢ ᠪᠠᠯᠭᠠᠰᠤᠨ ᠤ ᠰᠢᠶᠠᠨᠵᠢᠨ | ᠲᠣᠰᠬᠤᠨ ᠤ ᠳᠠᠷᠬᠠᠢ ᠪᠤᠲᠠᠷᠬᠠᠢ ᠦᠷᠡᠭᠳᠡᠭᠰᠡᠨ ᠪᠠᠭᠠᠲᠤᠷᠴᠤᠳ ᠤᠨ ᠤᠩᠭᠤᠨ ᠳᠤ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠲᠥᠬᠦᠭᠡᠷᠦᠮᠵᠢ ᠶᠢ ᠰᠡᠯᠪᠢᠨ ᠵᠠᠰᠠᠵᠤ ᠬᠠᠮᠢᠶᠠᠷᠴᠤ ᠬᠠᠮᠠᠭᠠᠯᠠᠵᠤ ᠪᠠᠶᠢᠭ᠎ᠠ ᠪᠣᠳᠠᠲᠠᠢ ᠪᠠᠶᠢᠳᠠᠯ ᠢ ᠣᠶᠢᠯᠠᠭᠠᠵᠤ᠂ | ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠠᠰᠠᠷᠠᠨ ᠬᠠᠷᠠᠭᠠᠯᠵᠠᠬᠤ ᠪᠠ ᠬᠥᠬᠢᠭᠦᠯᠦᠨ | ᠰᠠᠶᠢᠰᠢᠶᠠᠬᠤ ᠳᠤᠷᠠᠰᠬᠠᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠬᠤᠯᠪᠣᠭᠳᠠᠯ ᠪᠦᠬᠦᠢ ᠲᠠᠩᠰᠠ ᠡᠪᠬᠡᠮᠡᠯ ᠢ ᠪᠠᠶᠢᠴᠠᠭᠠᠨ ᠦᠵᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ | ᠴᠢᠨᠠᠭᠰᠢᠳᠠ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ |