| | | 8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ | ᠵᠡᠮᠳᠡᠭᠴᠦᠳ ᠤᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠲᠠᠮᠢᠷ ᠤᠨ ᠴᠤᠭᠯᠠᠭᠠᠨ ᠳᠤ | ᠣᠷᠣᠯᠴᠠᠭᠰᠠᠨ ᠬᠦᠷᠢᠶ᠎ᠡ ᠨᠤᠲᠤᠭ ᠲᠠᠢ ᠲᠠᠮᠢᠷᠴᠢᠳ ᠢᠷᠠᠭᠤ ᠠᠯᠳᠠᠷᠲᠠᠶ ᠪᠠᠷ ᠪᠤᠴᠠᠵᠤ ᠢᠷᠡᠪᠡ᠃ ᠬᠦᠷᠢᠶ᠎ᠡ | ᠬᠤᠰᠢᠭᠤᠨ ᠤ 7 ᠲᠠᠮᠢᠷᠴᠢᠳ ᠤᠷᠤᠯᠳᠤᠭᠠᠨ ᠤ ᠬᠤᠭᠤᠴᠠᠭᠠᠨ ᠳᠤ ᠰᠢᠷᠭᠠᠭᠤ ᠴᠢᠷᠮᠠᠶᠢᠨ᠂ ᠡᠷᠡᠯᠬᠡᠭᠯᠡᠨ | ᠲᠡᠮᠡᠴᠡᠵᠦ᠂ ᠲᠦᠩᠯᠢᠶᠣᠤ ᠬᠤᠲᠠ ᠶᠢᠨ ᠲᠥᠯᠥᠭᠡᠯᠡᠭᠴᠢᠳ ᠤᠨ ᠠᠩᠭᠢ ᠳᠤ 3 ᠠᠯᠲᠠᠨ ᠮᠧᠳᠠᠯ 5 ᠮᠥᠩᠭᠦᠨ | ᠮᠧᠳᠠᠯ 2 ᠭᠠᠤᠯᠢᠨ ᠮᠧᠳᠠᠯ ᠤᠨ ᠰᠠᠶᠢᠨ ᠬᠢᠷᠢ ᠪᠦᠲᠦᠮᠵᠢ ᠣᠯᠭᠤᠵᠤ ᠥᠭᠭᠦᠭᠰᠡᠨ ᠪᠠᠶᠢᠨ᠎ᠠ᠃ ᠤᠭᠲᠤᠬᠤ ᠶᠣᠰᠣᠯᠠᠯ | ᠳᠡᠭᠡᠷ᠎ᠡ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠵᠢᠴᠢ ᠲᠠᠮᠢᠷᠴᠢᠳ ᠤᠨ ᠬᠡᠷ ᠪᠦᠯᠢ ᠶᠢᠨ ᠬᠢᠨ ᠰᠣᠷᠭᠤᠭ | ᠴᠡᠴᠡᠭ ᠪᠣᠯᠤᠨ ᠬᠠᠯᠠᠭᠤᠨ ᠠᠯᠠᠭ᠎ᠠ ᠲᠡᠰᠢᠯᠲᠡ ᠪᠠᠷ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ | ᠵᠡᠮᠳᠡᠭᠴᠦᠳ ᠤᠨ ᠲᠠᠮᠢᠷ ᠤᠨ ᠴᠤᠭᠯᠠᠭᠠᠨ ᠠᠴᠠ ᠪᠤᠴᠠᠵᠤ ᠢᠷᠡᠭᠰᠡᠨ 7 ᠲᠠᠮᠢᠷᠴᠢᠳ ᠢ ᠤᠭᠲᠤᠵᠤ᠂ ᠲᠠᠮᠢᠷᠴᠢᠳ ᠤᠨ | ᠣᠯᠤᠭᠰᠠᠨ ᠣᠮᠣᠭᠰᠢᠯᠲᠠᠶ ᠬᠢᠷᠢ ᠪᠦᠲᠦᠮᠵᠢ ᠳᠤ ᠬᠠᠯᠠᠭᠤᠨ ᠪᠠᠶᠠᠷ ᠬᠦᠷᠭᠡᠵᠦ᠂ ᠲᠠᠮᠢᠷᠴᠢᠳ ᠤᠨ ᠨᠤᠲᠤᠭ ᠤᠨ | ᠪᠡᠶ᠎ᠡ ᠶᠢᠨ ᠲᠠᠮᠢᠷ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ | ᠬᠠᠮᠲᠤ ᠲᠣᠬᠤᠨᠢᠭᠤᠯᠬᠤ ᠮᠥᠩᠭᠦ ᠣᠯᠭᠤᠪᠠ᠃ |