ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠰᠢᠶᠠᠨᠵᠢᠨ ᠰᠤᠮᠤ ᠳᠤ ᠬᠦᠷᠴᠦ ᠬᠥᠳᠡᠭᠡ ᠲᠣᠰᠬᠤᠨ ᠳᠤ ᠰᠦᠢᠳᠬᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/25
   ᠣᠶᠢᠷ᠎ᠠ ᠳᠤ᠂ ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠰᠢᠶᠠᠨᠵᠢᠨ ᠰᠤᠮᠤ ᠶᠢᠨ ᠡᠯ᠎ᠡ ᠭᠠᠴᠠᠭ᠎ᠠ ᠲᠣᠰᠬᠤᠨ ᠳᠤ ᠬᠦᠷᠴᠦ ᠬᠥᠳᠡᠭᠡ ᠲᠣᠰᠬᠤᠨ ᠳᠤ ᠰᠦᠢᠳᠭᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠢ ᠬᠡᠷ ᠤᠨ ᠡᠭᠦᠳᠡᠨ ᠳᠡᠭᠡᠨ ᠲᠥᠬᠦᠮ ᠳᠥᠳᠡ ᠦᠢᠯᠡᠴᠢᠯᠡᠭᠡ ᠬᠦᠷᠲᠡᠭᠡᠪᠡ᠃ ᠠᠵᠢᠯᠯᠠᠭ᠎ᠠ ᠶᠢᠨ ᠳᠤᠮᠳᠠ᠂ ᠣᠯᠠᠨ ᠲᠦᠮᠡᠨ ᠳᠤ ᠬᠠᠷᠠᠭ᠎ᠠ ᠪᠠ ᠨᠢᠳᠦᠨ ᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠴᠡᠩᠭᠦᠶ ᠪᠠᠷ ᠵᠠᠳᠠᠯᠵᠤ᠂ ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠨᠢᠳᠦ ᠪᠠᠨ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠠᠷᠠᠭᠠᠨ ᠤ ᠡᠷᠡᠭᠦᠯ ᠮᠡᠨᠳᠦ ᠶᠢ ᠠᠩᠬᠠᠷᠴᠤ᠂ ᠨᠢᠳᠦᠨ ᠤ ᠡᠪᠡᠳᠴᠢᠨ ᠢ ᠡᠷᠲᠡ ᠢᠯᠡᠷᠡᠭᠦᠯᠬᠦ᠂ ᠡᠷᠲᠡ ᠰᠡᠷᠭᠡᠶᠢᠯᠡᠬᠦ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号