ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠦᠩᠯᠢᠶᠣᠤ ᠬᠤᠲᠠ ᠶᠢᠨ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠲᠤ ᠣᠷᠣᠯᠴᠠᠪᠠ
ᠨᠡᠶᠢᠲᠡᠯᠡᠭᠰᠡᠨ ᠴᠠᠭ᠄
2023/9/25
   9 ᠰᠠᠷ᠎ᠠ ᠶᠢᠨ 23 ᠤ ᠡᠳᠦᠷ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢ ᠵᠣᠬᠢᠶᠠᠨ ᠪᠠᠶᠢᠭᠤᠯᠤᠨ ᠲᠦᠩᠯᠢᠶᠣᠤ ᠬᠤᠲᠠ ᠶᠢᠨ ︽ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ︾ ᠲᠤ ᠣᠷᠣᠯᠴᠠᠭᠤᠯᠬᠤ ᠶᠢᠨ ᠬᠠᠮᠲᠤ᠂ ᠬᠤᠷᠰᠢᠶᠠᠨ ᠤ ᠠᠵᠤ ᠠᠬᠤᠶᠢᠯᠠᠯ ᠬᠦᠷᠢᠶ᠎ᠡ ᠬᠤᠰᠢᠭᠤᠨ ᠤ ᠰᠠᠭᠠᠭ ᠤᠨ ᠼᠤᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠳᠠᠭᠠᠭᠤᠯᠤᠨ ᠳᠡᠯᠭᠡᠨ ᠪᠣᠷᠣᠯᠠᠭᠤᠯᠬᠤ ᠳᠤ ᠣᠷᠣᠯᠴᠠᠭᠤᠯᠪᠠ᠃  ᠬᠦᠷᠢᠶ᠎ᠡ ᠶᠢᠨ  ᠰᠠᠭᠠᠭ ᠤᠨ ᠼᠤᠤ ᠥᠪᠡᠷᠮᠢᠴᠡ ᠠᠮᠲᠠ᠂ ᠴᠤᠯ ᠪᠣᠳᠠᠭᠠᠨ ᠨᠡᠷᠡᠯᠲᠡ᠂ ᠶᠠᠮᠠᠷᠪᠠ ᠨᠡᠮᠡᠯᠲᠡ ᠡᠳ᠋ ᠦᠭᠡᠢ ᠪᠠᠶᠢᠵᠤ᠂ ᠦᠵᠡᠰᠬᠦᠯᠡᠩ ᠳᠤ ᠣᠷᠣᠯᠴᠠᠭᠰᠠᠨ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠲᠡᠳᠡᠨ ᠳᠤ ᠠᠮᠲᠠᠯᠠᠭᠤᠯᠤᠨ  ᠬᠤᠳᠠᠯᠳᠤᠵᠤ ᠥᠭᠭᠦᠭᠰᠡᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号