ᠤᠯᠠᠮᠵᠢᠯᠠᠯᠲᠤ ᠬᠠᠨᠠᠭᠤᠷ ᠢ ᠦᠭᠡᠷᠡᠴᠢᠯᠡᠨ ᠰᠢᠨᠡᠴᠢᠯᠡᠭᠰᠡᠨ ᠡᠷᠡᠭᠦᠯ ᠡᠩᠬᠡ ᠶᠢᠨ ᠡᠯᠴᠢ ᠪᠣᠤ ᠯᠥᠩ
ᠨᠡᠶᠢᠲᠡᠯᠡᠭᠰᠡᠨ ᠴᠠᠭ᠄
2023/9/28
   ᠬᠠᠨᠠᠭᠤᠷ ᠲᠥᠭᠡᠨᠡᠯᠭᠡ ᠶᠢᠨ ᠵᠠᠰᠠᠯ ᠪᠣᠯ ᠡᠮᠴᠢᠯᠡᠭᠡᠨ ᠳᠤ ᠤᠳᠠᠭᠠᠨ ᠬᠡᠷᠡᠭᠯᠡᠭᠰᠡᠭᠡᠷ ᠢᠷᠡᠭᠰᠡᠨ ᠤᠯᠠᠮᠵᠢᠯᠠᠯᠲᠤ ᠠᠷᠭ᠎ᠠ ᠬᠡᠯᠪᠡᠷᠢ ᠪᠣᠯᠬᠤ ᠶᠤᠮ᠃ ᠨᠡᠶᠢᠭᠡᠮ ᠤᠨ ᠬᠦᠭᠵᠢᠯᠲᠡ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠰᠢᠨᠡᠴᠢᠯᠡᠯᠲᠡ ᠪᠠ ᠨᠠᠷᠢᠯᠢᠭᠵᠢᠯᠲᠠ ᠶᠢ ᠳᠠᠭᠠᠵᠤ᠂ ᠤᠯᠠᠮᠵᠢᠯᠠᠯᠲᠤ ᠬᠠᠨᠠᠭᠤᠷ ᠢ ᠬᠢᠬᠦ ᠠᠷᠭ᠎ᠠ ᠮᠡᠷᠭᠡᠵᠢᠯ ᠪᠣᠯᠤᠨ ᠡᠮᠴᠢᠯᠡᠭᠡ ᠵᠠᠰᠠᠯᠭ᠎ᠠ ᠶᠢᠨ ᠵᠠᠷᠢᠮ ᠦᠢᠯᠡᠳᠦᠯ ᠬᠡᠷᠡᠭᠴᠡᠭᠡ ᠶᠢ ᠨᠢ ᠰᠢᠨᠡᠴᠢᠯᠡᠨ ᠲᠡᠭᠦᠯᠳᠡᠷᠵᠢᠭᠦᠯᠬᠦ ᠱᠠᠭᠠᠷᠳᠠᠯᠭ᠎ᠠ ᠲᠠᠢ ᠪᠣᠯᠤᠭᠰᠠᠨ ᠶᠤᠮ᠃ ᠪᠢᠳᠡ ᠬᠠᠨᠠᠭᠤᠷ ᠲᠤ ᠰᠢᠨᠡᠴᠢᠯᠡᠯᠲᠡ ᠬᠢᠭᠰᠡᠨ ᠲᠥᠩᠯᠢᠶᠤᠤ ᠬᠤᠲᠠ ᠶᠢᠨ ᠬᠦᠷᠢᠶ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢ ᠪᠣᠤ ᠯᠥᠩ ᠲᠠᠢ ᠲᠠᠨᠢᠯᠴᠠᠶ᠎ᠠ᠃     ᠬᠦᠷᠢᠶ᠎ᠡ ᠬᠤᠰᠢᠭᠤᠨ ᠤ ᠬᠠᠷᠠᠭᠤᠤ ᠰᠣᠮᠤᠨ ᠤ ᠠᠷᠠᠳ ᠰᠢᠦ ᠶᠢᠨ ᠬᠤᠸᠠ ᠣᠶᠢᠷ᠎ᠠ ᠶᠢᠨ ᠡᠳᠦᠷ ᠲᠤ ᠲᠣᠯᠤᠭᠠᠢ ᠨᠢ ᠡᠪᠡᠳᠴᠦ ᠨᠢᠳᠦ ᠨᠢ ᠡᠷᠢᠶᠡᠯᠵᠡᠭᠡᠳ ᠪᠠᠶᠢᠬᠤ ᠪᠠᠷ ᠪᠣᠤ ᠯᠥᠩ ᠡᠮᠴᠢ ᠶᠢ ᠡᠷᠢᠵᠦ ᠢᠷᠡᠨ ᠬᠠᠨᠠᠬᠤ ᠵᠠᠰᠠᠯ ᠬᠢᠯᠭᠡᠭᠰᠡᠨ ᠪᠠᠶᠢᠨ᠎ᠠ᠃ ᠰᠢᠦ ᠶᠢᠨ ᠬᠤᠸᠠ᠄ ︽ᠮᠢᠨᠦ ᠲᠣᠯᠤᠭᠠᠢ ᠡᠷᠭᠢᠵᠦ ᠨᠢᠳᠦ ᠡᠷᠢᠶᠡᠯᠵᠡᠨ ᠶᠡᠭᠡ ᠤᠨᠲᠠᠲᠠᠭ ᠪᠣᠯᠬᠤᠷ ᠡᠨᠡ ᠬᠠᠨᠠᠭᠤᠷ ᠢ ᠲᠠᠯᠪᠢᠪᠠᠯ ᠪᠡᠶ᠎ᠡ ᠶᠡᠭᠡ ᠰᠠᠶᠢᠨ ᠪᠣᠯᠳᠠᠭ᠂ ᠣᠳᠤ ᠲᠠᠯᠪᠢᠵᠤ ᠪᠠᠷᠠᠭᠠᠳ ᠳᠣᠲᠤᠷ᠎ᠠ ᠠᠭᠤᠵᠢᠷᠠᠨ ᠪᠡᠶ᠎ᠡ ᠲᠠᠯᠪᠢᠭᠤᠷᠠᠵᠤ ᠮᠠᠰᠢ ᠲᠠᠭᠠᠲᠠᠢ ᠪᠣᠯᠵᠤ᠂ ᠨᠢᠳᠦ ᠡᠷᠢᠶᠡᠯᠵᠡᠬᠦ ᠪᠠᠨ ᠪᠣᠯᠢᠵᠤ ᠲᠤᠯᠤᠭᠠᠢ ᠴᠤ ᠰᠡᠷᠬᠡᠭ ᠪᠣᠯᠵᠠᠢ︾ ᠭᠡᠵᠦ ᠵᠠᠰᠠᠯᠭ᠎ᠠ ᠶᠢᠨ ᠳᠠᠷᠠᠭᠠᠬᠢ ᠡᠷᠡᠭᠦᠯᠵᠢᠯ ᠤᠨ ᠪᠠᠶᠢᠳᠠᠯ ᠢᠶᠠᠨ ᠶᠡᠷᠢᠵᠤ ᠪᠠᠶᠢᠯ᠎ᠠ᠃
    ᠬᠦᠷᠢᠶ᠎ᠡ ᠬᠤᠰᠢᠭᠤᠨ ᠤ ᠬᠠᠷᠠᠭᠤᠤ ᠰᠣᠮᠤᠨ ᠤ ᠠᠷᠠᠳ ᠰᠢᠦ ᠶᠢᠨ ᠬᠤᠸᠠ     ᠪᠣᠤ ᠯᠥᠩ ᠡᠮᠴᠢ ᠬᠦᠷᠢᠶ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠢᠷᠡᠵᠦ ᠠᠵᠢᠯᠯᠠᠭᠠᠳ ᠬᠤᠷᠢ ᠰᠢᠬᠠᠮ ᠵᠢᠯ ᠤᠨ ᠨᠢᠭᠤᠷ ᠢ ᠦᠵᠡᠵᠦ ᠪᠠᠶᠢᠭ᠎ᠠ ᠶᠤᠮ᠃  ᠪᠣᠤ ᠯᠥᠩ ᠤᠨ ᠬᠤᠶᠠᠷ ᠠᠪᠠᠭ᠎ᠠ ᠨᠢ ᠴᠦᠮ ᠡᠮᠴᠢ ᠪᠠᠶᠢᠭᠰᠠᠨ ᠢᠶᠠᠷ᠂ ᠲᠡᠷᠡ ᠬᠠᠷᠠᠬᠠᠨ ᠪᠠᠭ᠎ᠠ ᠠᠴᠠ ᠪᠠᠨ ᠠᠪᠠᠭ᠎ᠠ ᠨᠠᠷ ᠤᠨ ᠨᠥᠯᠦᠭᠡᠨ ᠳᠣᠣᠷ᠎ᠠ᠂ ᠮᠣᠩᠭᠤᠯ ᠡᠮ ᠡᠮᠨᠡᠯᠭᠡ ᠲᠠᠢ ᠲᠠᠨᠢᠯᠴᠠᠵᠤ᠂ ᠮᠣᠩᠭᠤᠯ ᠡᠮ ᠡᠮᠨᠡᠯᠭᠡ ᠶᠢᠨ ᠷᠢᠳᠢ ᠰᠢᠳᠢ ᠶᠢ ᠬᠠᠷᠠᠭᠠᠳ ᠲᠣᠮᠤ ᠪᠣᠯᠪᠠᠯ ᠡᠮᠴᠢ ᠪᠣᠯᠤᠨ᠎ᠠ ᠭᠡᠰᠡᠨ ᠬᠦᠰᠡᠯ ᠲᠥᠷᠦᠭᠰᠡᠨ ᠪᠠᠶᠢᠨ᠎ᠠ᠃ ᠪᠣᠤ  ᠯᠥᠩ᠄ ︽ᠣᠯᠠᠨ ᠡᠪᠡᠳᠴᠢᠲᠡᠨ ᠪᠡᠶ᠎ᠡ ᠨᠢ ᠵᠤᠪᠠᠵᠤ᠂ ᠠᠷᠭ᠎ᠠ ᠦᠭᠡᠢ ᠪᠠᠶᠢᠭᠰᠠᠨ ᠥᠶ᠎ᠡ ᠳᠤ  ᠬᠡᠳᠦᠨ ᠤᠤᠭᠤᠬᠤ ᠡᠮ ᠢᠶᠠᠨ ᠥᠭᠴᠦ᠂ ᠬᠠᠨᠠᠬᠤ ᠪᠣᠶᠤ ᠬᠠᠳᠬᠤᠭᠠᠳ ᠥᠭᠬᠦ ᠳᠤ ᠡᠪᠡᠳᠴᠢᠨ ᠨᠢ ᠠᠷᠢᠯᠵᠤ᠂ ᠡᠪᠡᠷᠰᠢᠶᠡᠯ ᠲᠠᠷᠴᠢᠯᠠᠯ ᠨᠢ ᠳᠠᠷᠤᠢ ᠳᠠᠭᠠᠨ ᠨᠠᠮᠳᠠᠴᠢᠬᠠᠳᠠᠭ᠃ ᠢᠩᠭᠢᠭᠡᠳ ᠡᠭᠦᠨ ᠳᠤ ᠶᠡᠭᠡ ᠰᠣᠨᠢᠷᠬᠠᠯᠲᠠᠢ᠂ ᠪᠠᠭ᠎ᠠ ᠠᠴᠠ ᠪᠠᠨ ᠡᠶᠢᠮᠦ ᠪᠣᠳᠤᠯᠭ᠎ᠠ ᠲᠠᠢ ᠪᠠᠶᠢᠭᠰᠠᠨ︾ ᠭᠡᠵᠦ ᠪᠠᠭ᠎ᠠ ᠨᠠᠰᠤᠨ ᠤ ᠥᠶ᠎ᠡ ᠶᠢᠨ ᠢᠷᠡᠭᠡᠳᠦᠢ ᠶᠢᠨ ᠬᠦᠰᠡᠯ ᠢᠶᠠᠨ ᠶᠡᠷᠢᠭ᠌ᠰᠠᠨ ᠪᠠᠶᠢᠨ᠎ᠠ᠃
    ᠬᠦᠷᠢᠶ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠵᠠᠰᠠᠯ ᠤᠨ ᠰᠠᠯᠠᠭᠠᠨ ᠤ ᠡᠷᠬᠢᠯᠡᠭᠴᠢ ᠡᠮᠴᠢ ᠪᠣᠤ ᠯᠥᠩ     ᠲᠣᠬᠠᠢ ᠶᠢᠨ ᠥᠶ᠎ᠡ ᠳᠤ ᠪᠣᠤ ᠯᠥᠩ ᠤᠨ ᠨᠢᠭᠡ ᠠᠪᠠᠭ᠎ᠠ ᠨᠢ ᠬᠦᠳᠡᠭᠡ ᠶᠢᠨ ᠬᠥᠯ ᠨᠢᠴᠦᠭᠦᠨ ᠡᠮᠴᠢ ᠪᠠᠶᠢᠵᠤ᠂ ᠭᠤᠣᠯᠳᠠᠭᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠵᠠᠰᠠᠯ ᠢᠶᠠᠷ ᠡᠪᠡᠳᠴᠢᠨ ᠵᠠᠰᠠᠵᠤ᠂ ᠨᠡᠩ ᠴᠤ ᠬᠠᠩᠰᠢ ᠶᠢᠨ ᠥᠶ᠎ᠡ ᠪᠠᠷ ᠲᠡᠭᠦᠨ ᠢ ᠡᠷᠢᠵᠦ ᠢᠷᠡᠨ ᠬᠠᠨᠠᠬᠤ ᠵᠠᠰᠠᠯ ᠬᠢᠯᠭᠡᠬᠦ ᠬᠦᠮᠦᠨ ᠣᠯᠠᠨ ᠪᠠᠶᠢᠭᠰᠠᠨ ᠢᠶᠠᠷ ᠪᠣᠤ  ᠯᠥᠩ ᠠᠩᠬ᠎ᠠ ᠬᠠᠨᠠᠭᠤᠷ ᠢ ᠮᠡᠳᠡᠵᠡᠢ᠃ ᠪᠣᠤ  ᠯᠥᠩ᠄ ︽ᠲᠡᠷᠡ ᠥᠶᠡᠰ  ᠬᠠᠨᠠᠭᠤᠷ ᠤᠨ  ᠲᠤᠰᠬᠠᠢ  ᠪᠠᠭᠠᠵᠢ ᠦᠭᠡᠢ ᠪᠠᠶᠢᠭᠰᠠᠨ ᠠᠴᠠ᠂ ᠰᠢᠯ ᠡᠰᠡᠭᠦᠯ᠎ᠡ ᠲᠠᠮᠦᠷ ᠪᠠᠭᠠᠵᠢ ᠪᠠᠷ ᠬᠠᠨᠠᠵᠤ ᠪᠠᠶᠢᠵᠠᠢ᠃ ᠪᠢ ᠦᠵᠡᠭᠡᠳ ᠬᠠᠨᠠᠭᠠᠳ ᠡᠪᠡᠳᠴᠢᠨ ᠵᠠᠰᠠᠬᠤ ᠪᠠᠷ ᠪᠠᠷᠠᠬᠤ ᠦᠭᠡᠢ ᠪᠠᠰᠠ ᠡᠪᠡᠳᠴᠢᠨ ᠢ ᠰᠡᠷᠭᠡᠶᠢᠯᠡᠵᠦ ᠴᠢᠳᠠᠳᠠᠭ ᠭᠡᠵᠦ ᠶᠡᠭᠡ ᠭᠠᠶᠢᠬᠠᠰᠢ ᠲᠠᠢ ᠰᠣᠨᠢᠷᠬᠠᠵᠤ ᠪᠠᠶᠢᠵᠠᠢ︾ ᠭᠡᠪᠡ᠃
    ᠬᠠᠨᠠᠵᠤ ᠴᠢᠰᠤ ᠲᠠᠯᠪᠢᠵᠤ ᠪᠠᠶᠢᠭ᠎ᠠ ᠨᠢ      ᠠᠩᠬᠠᠨ ᠤ ᠬᠦᠰᠡᠯ ᠳᠡᠭᠡᠨ ᠬᠦᠲᠦᠯᠦᠭᠳᠡᠭᠰᠡᠨ ᠪᠣᠤ ᠯᠥᠩ ᠦᠨᠳᠦᠷ ᠳᠤᠮᠳᠠᠳᠤ ᠪᠠᠨ ᠲᠡᠭᠦᠰᠦᠭᠡᠳ ᠡᠮᠴᠢ ᠶᠢᠨ ᠰᠤᠷᠭᠠᠭᠤᠯᠢ ᠳᠤ ᠰᠢᠯᠭᠠᠨ ᠣᠷᠤᠵᠤ᠂ ᠡᠮᠴᠢ ᠪᠣᠯᠬᠤ ᠠᠩᠬᠠᠨ ᠤ ᠭᠠᠷᠤᠭ᠎ᠠ ᠪᠠᠨ ᠠᠪᠴᠠᠢ᠃ ᠰᠤᠷᠭᠠᠭᠤᠯᠢ ᠪᠠᠨ ᠲᠡᠭᠦᠰᠦᠭᠡᠳ ᠨᠣᠲᠤᠭ ᠲᠠᠭᠠᠨ ᠪᠣᠴᠠᠵᠤ᠂ ᠲᠣᠯᠤᠭᠠᠨ ᠵᠢᠯ ᠰᠢᠬᠠᠮ ᠡᠮᠴᠢᠯᠡᠵᠦ᠂ ᠡᠨᠡ ᠬᠤᠭᠤᠴᠠᠭᠠᠨ ᠳᠤ ᠬᠡᠳᠦᠶᠢᠪᠡᠷ ᠵᠡᠭᠦᠦ ᠲᠥᠭᠡᠨᠡᠯᠭᠡ ᠮᠡᠲᠦ ᠶᠢᠨ ᠤᠯᠠᠮᠵᠢᠯᠠᠯᠲᠤ ᠵᠠᠰᠠᠯ ᠬᠢᠵᠦ ᠪᠠᠶᠢᠭᠰᠠᠨ ᠪᠣᠯᠪᠠᠴᠤ ᠬᠠᠨᠠᠬᠤ ᠵᠠᠰᠠᠯ ᠬᠢᠬᠦ ᠳᠤ ᠲᠥᠪᠡᠭᠲᠡᠢ᠂ ᠣᠨᠤᠪᠴᠢ ᠦᠭᠡᠢ ᠬᠠᠨᠠᠪᠠᠯ ᠠᠳᠡᠯ ᠭᠠᠷᠬᠤ ᠪᠣᠯᠤᠮᠵᠢᠲᠠᠢ ᠠᠴᠠ ᠪᠣᠤ ᠯᠥᠩ ᠳᠠᠬᠢᠨ ᠥᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠡᠨᠡᠯᠭᠡ ᠶᠢᠨ ᠬᠤᠷᠢᠶᠠᠨ ᠳᠤ ᠬᠦᠷᠴᠦ ᠲᠣᠰᠬᠠᠢ ᠬᠠᠨᠠᠬᠤ ᠵᠠᠰᠠᠯ ᠤᠨ ᠮᠡᠷᠭᠡᠵᠢᠯ ᠢ ᠰᠤᠷᠤᠯᠴᠠᠪᠠ᠃ ᠪᠣᠤ ᠯᠥᠩ᠄ ︽ᠡᠨᠡᠬᠦ ᠬᠠᠨᠠᠬᠤ ᠵᠠᠰᠠᠯ ᠢ ᠥᠪᠡᠷᠲᠡᠭᠡᠨ ᠭᠠᠷᠳᠠᠵᠤ ᠬᠢᠬᠦ ᠦᠭᠡᠢ ᠪᠣᠯ ᠣᠨᠤᠯ ᠤᠨ ᠵᠢᠮ᠎ᠡ ᠶᠣᠰᠣ ᠶᠢ ᠡᠵᠡᠮᠰᠢᠬᠦ ᠳᠤ ᠬᠦᠴᠢᠷ ᠪᠣᠯᠬᠤᠷ᠂ 2004 ᠣᠨ ᠳᠤ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠡᠨᠡᠯᠭᠡ ᠶᠢᠨ ᠬᠤᠷᠢᠶᠠᠨ ᠳᠤ ᠣᠴᠢᠵᠤ ᠳᠠᠬᠢᠨ  ᠰᠤᠷᠤᠯᠴᠠᠪᠠ︾ ᠭᠡᠵᠦ ᠳᠠᠪᠲᠠᠨ ᠪᠣᠯᠪᠠᠰᠤᠷᠠᠭᠰᠠᠨ ᠥᠩᠭᠡᠷᠡᠯᠲᠡ ᠪᠠᠨ ᠶᠠᠷᠢᠨ᠎ᠠ᠃     ᠬᠠᠨᠠᠬᠤ ᠵᠠᠰᠠᠯ ᠪᠣᠯ ᠲᠤᠰᠬᠠᠢ ᠦᠢᠯᠡᠳᠦᠭᠰᠡᠨ ᠬᠠᠨᠠᠭᠤᠷ ᠢᠶᠠᠷ ᠬᠦᠮᠦᠨ ᠤ ᠪᠡᠶ᠎ᠡ ᠶᠢᠨ ᠲᠣᠭᠲᠠᠭᠰᠠᠨ ᠰᠤᠳᠠᠯ ᠪᠡᠯᠴᠢᠷ ᠢ ᠬᠠᠨᠠᠵᠤ᠂ ᠵᠣᠬᠢᠬᠤ ᠬᠡᠮᠵᠢᠶᠡᠨ ᠤ ᠴᠢᠰᠤ ᠶᠢ ᠭᠠᠷᠭᠠᠵᠤ᠂ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠠᠨᠠᠭᠠᠵᠤ ᠵᠠᠰᠠᠬᠤ᠂ ᠡᠷᠡᠭᠦᠯᠵᠢᠭᠦᠯᠬᠦ ᠠᠷᠭ᠎ᠠ ᠶᠢ ᠵᠢᠭᠠᠵᠤ ᠪᠠᠶᠢᠨ᠎ᠠ᠃ ᠬᠤᠷᠢ ᠰᠢᠬᠠᠮ ᠵᠢᠯ ᠤᠨ ᠡᠮᠴᠢᠯᠡᠭᠡᠨ ᠤ ᠶᠠᠪᠤᠴᠠ ᠳᠠᠭᠠᠨ ᠪᠣᠤ ᠯᠥᠩ ᠡᠮᠴᠢ ᠬᠦᠮᠦᠨ ᠤ ᠬᠠᠷᠢᠭᠤᠴᠠᠯᠭᠠᠲᠤ ᠰᠡᠳᠭᠢᠯᠭᠡ ᠪᠠᠷ ᠡᠪᠡᠳᠴᠢᠲᠡᠨ ᠨᠢᠭᠡᠪᠦᠷᠢ ᠳᠤ ᠬᠠᠨᠲᠤᠵᠤ᠂ ᠡᠪᠡᠳᠴᠢᠨ ᠲᠠᠬᠤᠯ ᠠᠴᠠ ᠨᠢ ᠰᠠᠯᠭᠠᠵᠤ ᠢᠷᠡᠭᠰᠡᠨ ᠢᠶᠠᠷ ᠲᠡᠭᠦᠨ ᠤ ᠮᠡᠷᠭᠡᠵᠢᠯ ᠨᠢ ᠳᠡᠭᠡᠭᠰᠢᠯᠡᠬᠦ ᠶᠢ ᠳᠠᠭᠠᠯᠳᠤᠨ᠂ ᠡᠷᠢᠨ ᠢᠷᠡᠬᠦ ᠡᠪᠡᠳᠴᠢᠲᠠᠨ ᠴᠤ ᠤᠯᠠᠨ ᠪᠣᠯᠵᠠᠢ᠃  
    ᠬᠠᠨᠠᠬᠤ ᠵᠠᠰᠠᠯ ᠬᠢᠬᠦ ᠡᠪᠡᠳᠴᠢᠲᠡᠨ ᠣᠯᠠᠰᠢᠷᠠᠬᠤ ᠶᠢ ᠳᠠᠭᠠᠯᠳᠤᠨ᠂ ᠤᠯᠠᠮᠵᠢᠯᠠᠯᠲᠤ ᠬᠠᠨᠠᠭᠤᠷ ᠬᠡᠷᠡᠭᠯᠡᠵᠦ ᠪᠠᠶᠢᠭᠰᠠᠨ ᠲᠡᠭᠦᠨ ᠳᠤ ᠵᠠᠷᠢᠮ ᠳᠠᠭᠠᠨ ᠬᠠᠨᠠᠭᠤᠷ ᠢᠶᠠᠨ ᠠᠷᠢᠭᠤᠳᠬᠠᠨ ᠴᠡᠪᠡᠷᠯᠡᠬᠦ ᠭᠡᠵᠦ ᠡᠪᠡᠳᠴᠢᠲᠡᠨ ᠢ ᠤᠳᠠᠭᠠᠨ ᠬᠦᠯᠢᠶᠡᠯᠭᠡᠬᠦ ᠪᠣᠶᠤ ᠵᠠᠷᠢᠮ ᠡᠪᠡᠳᠴᠢᠲᠡᠨ ᠤ ᠠᠷᠢᠭᠤᠨ ᠴᠡᠪᠡᠷ ᠶᠢᠨ ᠲᠠᠯ᠎ᠠ ᠪᠠᠷ ᠱᠠᠭᠠᠷᠳᠠᠯᠭ᠎ᠠ ᠦᠨᠳᠦᠷ ᠠᠴᠠ ᠨᠢᠭᠡ ᠯᠡ ᠬᠠᠨᠠᠭᠤᠷ ᠢ ᠣᠯᠠᠨ ᠤᠳᠠᠭ᠎ᠠ ᠬᠡᠷᠡᠭᠯᠡᠬᠦ ᠠᠴᠠ ᠵᠢᠭᠰᠢᠳᠡᠭ ᠪᠠᠶᠢᠭᠰᠠᠨ ᠠᠴᠠ᠂ ᠲᠡᠷᠡ ᠨᠢᠭᠡᠨ ᠬᠡᠷᠡᠭᠯᠡᠬᠦ ᠳᠤ ᠳᠥᠭᠦᠮ ᠮᠦᠷᠲᠡᠭᠡᠨ ᠠᠷᠢᠭᠤᠨ ᠴᠡᠪᠡᠷ ᠢ ᠪᠠᠲᠤᠯᠠᠵᠤ ᠴᠢᠳᠠᠬᠤ ᠬᠠᠨᠠᠭᠤᠷ ᠬᠢᠬᠦ ᠪᠣᠳᠤᠯ ᠣᠷᠤᠭᠰᠠᠨ ᠪᠠᠶᠢᠨ᠎ᠠ᠃  ᠪᠣᠤ  ᠯᠥᠩ᠄  ︽ᠨᠢᠭᠡ ᠯᠡ  ᠤᠳᠠᠭ᠎ᠠ ᠬᠡᠷᠡᠭᠡᠯᠡᠬᠦ ᠬᠠᠨᠠᠭᠤᠷ ᠪᠠᠶᠢᠪᠠᠯ ᠬᠦᠮᠦᠨ ᠤ ᠬᠤᠭᠤᠷᠤᠨᠳᠤᠬᠢ ᠡᠪᠡᠳᠴᠢᠨ ᠤ ᠲᠠᠷᠬᠠᠬᠤ ᠶᠠᠪᠤᠴᠠ ᠶᠢ ᠦᠨᠳᠦᠰᠦᠨ ᠠᠴᠠ ᠨᠢ ᠰᠡᠷᠭᠡᠶᠢᠯᠡᠵᠦ ᠳᠡᠶᠢᠯᠦᠨ᠎ᠡ᠃ ᠢᠩᠭᠢᠵᠦ ᠪᠣᠳᠤᠭᠰᠠᠨ ᠠᠴᠠ ᠡᠮᠴᠢᠯᠡᠭᠡᠨ ᠤ ᠶᠠᠪᠤᠴᠠ ᠳᠤ ᠬᠠᠨᠠᠭᠤᠷ ᠢ  ᠶᠠᠭᠠᠬᠢᠵᠦ  ᠰᠢᠨᠡᠴᠢᠯᠡᠨ᠂  ᠨᠢᠭᠡ ᠯᠡ  ᠤᠳᠠᠭ᠎ᠠ  ᠬᠡᠷᠡᠭᠯᠡᠬᠦ  ᠪᠣᠯᠭᠠᠨ  ᠵᠣᠬᠢᠶᠠᠵᠤ᠂ ᠠᠷᠠᠳ ᠲᠥᠮᠡᠨ ᠳᠡᠭᠡᠨ ᠦᠢᠯᠡᠴᠢᠯᠡᠬᠦ ᠭᠡᠵᠦ ᠪᠣᠳᠤᠵᠤ ᠬᠢᠭᠰᠡᠨ︾ ᠭᠡᠵᠡᠢ᠃
    ᠪᠣᠤ ᠯᠥᠩ ᠡᠮᠴᠢᠯᠡᠭᠡᠨ ᠤ ᠶᠠᠪᠤᠴᠠ ᠳᠠᠬᠢ ᠲᠣᠷᠰᠢᠯᠭ᠎ᠠ ᠰᠤᠷᠭᠠᠮᠵᠢ ᠵᠢᠴᠢ ᠣᠳᠤ ᠶᠢᠨ ᠳᠠᠪᠰᠢᠭᠰᠠᠨ ᠡᠮᠴᠢᠯᠡᠭᠡᠨ ᠳᠤ ᠬᠡᠷᠡᠭᠯᠡᠵᠦ ᠪᠠᠶᠢᠭ᠎ᠠ ᠨᠢᠭᠡ ᠯᠡ ᠤᠳᠠᠭ᠎ᠠ ᠬᠡᠷᠡᠭᠯᠡᠳᠡᠭ ᠬᠢᠲᠤᠭ᠎ᠠ ᠵᠡᠷᠭᠡ ᠶᠢ ᠤᠶᠠᠯᠳᠤᠭᠤᠯᠤᠨ᠂ ᠬᠠᠭᠠᠰ ᠵᠢᠯ ᠭᠠᠷᠤᠢ ᠶᠢᠨ ᠬᠤᠭᠤᠴᠠᠭ᠎ᠠ ᠶᠢ ᠬᠡᠷᠡᠭᠯᠡᠨ ᠵᠢᠷᠤᠵᠤ ᠲᠥᠯᠦᠪᠯᠡᠭᠡᠳ᠂ ᠨᠢᠭᠡ ᠯᠡ ᠤᠳᠠᠭ᠎ᠠ ᠬᠡᠷᠡᠭᠯᠡᠬᠦ ᠬᠠᠨᠠᠭᠤᠷ ᠢᠶᠠᠨ ᠠᠩᠬ᠎ᠠ ᠠᠯᠬᠤᠮ ᠵᠣᠬᠢᠶᠠᠵᠤ ᠳᠠᠭᠤᠰᠬᠠᠨ᠂ 2018 ᠣᠨ ᠳᠤ ᠤᠯᠤᠰ ᠤᠨ ᠰᠢᠨ᠎ᠡ ᠬᠡᠯᠪᠡᠷᠢ ᠶᠢᠨ ᠬᠡᠷᠡᠭᠯᠡᠭᠡᠨ ᠤ ᠲᠤᠰᠬᠠᠢ ᠠᠰᠢᠭ ᠤᠨ ᠡᠷᠬᠡ ᠶᠢ ᠡᠷᠡᠮᠡᠯᠵᠡᠯᠡᠨ ᠣᠯᠤᠭᠰᠠᠨ ᠪᠠᠶᠢᠨ᠎ᠠ᠃
    ᠤᠯᠠᠮᠵᠢᠯᠠᠯᠲᠤ ᠵᠦᠢᠯ ᠢ ᠥᠭᠡᠷᠡᠴᠢᠯᠡᠨ ᠰᠢᠨᠡᠴᠢᠯᠡᠬᠦ ᠭᠡᠬᠦ ᠪᠠᠰᠠ ᠬᠢᠯᠪᠠᠷ ᠪᠣᠰᠤ ᠠᠵᠢᠯ ᠶᠤᠮ᠃ ᠨᠡᠩ ᠡᠮᠴᠢᠯᠡᠭᠡᠨ ᠤ ᠪᠠᠭᠠᠵᠢ ᠨᠢ ᠬᠦᠮᠦᠨ ᠤ ᠠᠮᠢ ᠨᠠᠰᠤ ᠲᠠᠢ ᠨᠢᠭᠲᠠ ᠬᠤᠯᠪᠤᠭ᠎ᠠ ᠲᠠᠢ ᠤᠴᠢᠷ ᠠᠴᠠ ᠲᠡᠭᠦᠨ ᠢ ᠦᠢᠯᠡᠳᠬᠦ ᠳᠤ ᠨᠡᠩ ᠨᠠᠷᠢᠯᠢᠭ ᠮᠦᠷᠲᠡᠭᠡᠨ ᠥᠷ᠎ᠡ ᠠᠰᠢᠭ ᠨᠢ ᠵᠠᠪᠠᠯ ᠦᠨᠳᠦᠷ ᠪᠠᠶᠢᠬᠤ ᠬᠡᠷᠡᠭᠲᠡᠢ᠃ ᠡᠭᠦᠨ ᠳᠤ ᠨᠡᠶᠢᠭᠡᠮ ᠤᠨ ᠬᠦᠭᠵᠢᠯᠲᠡ ᠬᠦᠮᠦᠰ ᠤᠨ ᠱᠠᠭᠠᠷᠳᠠᠯᠭ᠎ᠠ ᠠᠴᠠ ᠪᠣᠯᠵᠤ᠂ ᠰᠢᠨ᠎ᠡ ᠵᠦᠢᠯ ᠨᠢ ᠵᠠᠪᠠᠯ ᠪᠦᠲᠦᠭᠡᠭᠳᠡᠬᠦ ᠶᠣᠰᠤᠲᠠᠢ ᠠᠴᠠ᠂ ᠪᠣᠤ ᠯᠥᠩ ᠤᠨ ᠰᠢᠨ᠎ᠡ ᠬᠡᠯᠪᠡᠷᠢ ᠶᠢᠨ ᠬᠠᠨᠠᠭᠤᠷ ᠵᠣᠬᠢᠶᠠᠬᠤ ᠪᠣᠳᠤᠯ ᠨᠢ ᠨᠡᠯᠢᠶᠡᠳ ᠤᠯᠠᠨ ᠲᠤᠰᠬᠠᠢ ᠮᠡᠷᠭᠡᠵᠢᠯᠲᠡᠳ ᠤᠨ ᠳᠡᠮᠵᠢᠯᠭᠡ ᠶᠢ ᠣᠯᠤᠭᠰᠠᠨ ᠢᠶᠠᠷ ᠲᠡᠷᠡ ᠨᠡᠩ  ᠵᠣᠷᠢᠬᠵᠢᠵᠤ᠂ ᠣᠨᠤᠯ ᠦᠢᠯᠡᠳᠦᠯᠭᠡ ᠶᠢ ᠤᠶᠠᠯᠳᠤᠭᠤᠯᠤᠨ᠂ ᠤᠯᠠᠮᠵᠢᠯᠠᠯᠲᠤ ᠪᠣᠯᠤᠨ ᠰᠢᠨᠡᠴᠢᠯᠡᠯᠲᠡ ᠶᠢ ᠠᠭᠤᠰᠤᠯᠴᠠᠭᠤᠯᠵᠤ᠂ ᠣᠳᠤ ᠥᠶ᠎ᠡ ᠶᠢᠨ ᠬᠦᠮᠦᠰ ᠤᠨ ᠱᠠᠭᠠᠷᠳᠠᠯᠭ᠎ᠠ ᠳᠤ ᠨᠡᠩ ᠲᠣᠬᠢᠷᠠᠭᠰᠠᠨ ᠬᠡᠷᠡᠭᠯᠡᠬᠦ ᠳᠥᠭᠦᠮ᠂ ᠦᠢᠯᠡᠳᠦᠯ ᠰᠠᠶᠢᠨᠲᠠᠢ ᠬᠠᠨᠠᠭᠤᠷ ᠢᠶᠠᠨ ᠲᠥᠰᠦᠪᠯᠡᠨ ᠭᠠᠷᠭᠠᠭᠰᠠᠨ ᠶᠤᠮ᠃
    ᠪᠣᠤ ᠯᠥᠩ᠄ ︽ᠮᠠᠨ ᠤ ᠤᠯᠠᠮᠵᠢᠯᠠᠯᠲᠤ ᠵᠠᠰᠠᠯ ᠤᠨ ᠵᠠᠷᠢᠮ ᠨᠢ ᠬᠡᠳᠦᠨ ᠵᠠᠭᠤᠨ ᠵᠢᠯ ᠬᠡᠳᠦᠨ ᠮᠢᠩᠭᠠᠨ ᠵᠢᠯ ᠤᠨ ᠲᠡᠦᠬᠡ ᠲᠠᠢ᠃ ᠣᠳᠤᠬᠠᠨ ᠳᠤ ᠨᠡᠶᠢᠭᠡᠮ ᠬᠦᠭᠵᠢᠵᠦ᠂ ᠮᠠᠨ ᠤ ᠵᠠᠰᠠᠯ ᠤᠨ ᠪᠠᠭᠠᠵᠢ ᠬᠡᠷᠡᠭᠰᠡᠯ ᠨᠢ ᠵᠠᠪᠠᠯ ᠨᠡᠶᠢᠭᠡᠮ ᠤᠨ ᠬᠦᠭᠵᠢᠯᠲᠡ ᠶᠢ ᠳᠠᠭᠠᠵᠤ ᠥᠭᠡᠷᠡᠴᠢᠯᠡᠯᠲᠡ ᠪᠠᠶᠢᠬᠤ ᠬᠡᠷᠡᠭᠲᠡᠢ︾ ᠭᠡᠵᠦ ᠤᠭ ᠰᠠᠨᠠᠭ᠎ᠠ ᠪᠠᠨ ᠶᠠᠷᠢᠭᠰᠠᠨ ᠪᠠᠶᠢᠨ᠎ᠠ᠃
 
ᠢᠷᠡᠯᠲᠡ᠄ ᠭᠦᠷᠢᠶ᠎ᠡ ᠶᠢᠨ ᠰᠤᠷᠠᠭ ᠵᠠᠩᠬᠢ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号