— 2024 ᠣᠨ ᠤ 1 ᠰᠠᠷ᠎ᠠ ᠶᠢᠨ 12 ᠤᠨ ᠡᠳᠦᠷ ᠬᠦᠷᠢᠶ᠎ᠡ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠸᠧᠶ | | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠬᠦᠷᠢᠶ᠎ᠡ ᠬᠤᠰᠢᠭᠤᠨ ᠤ ᠡᠯ᠎ᠡ ᠵᠦᠢᠯ ᠤᠨ ᠠᠵᠢᠯ | ᠦᠢᠯᠡᠰ ᠤᠨ ᠬᠦᠴᠢᠷ ᠢ ᠰᠥᠷᠥᠨ ᠤᠷᠤᠭᠰᠢᠯᠠᠵᠤ᠂ ᠪᠣᠳᠠᠲᠠᠢ ᠶᠢ ᠡᠷᠬᠢᠮᠯᠡᠨ ᠲᠡᠮᠡᠴᠡᠭᠰᠡᠨ ᠨᠢᠭᠡ ᠵᠢᠯ ᠮᠥᠨ᠃ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠳᠣᠤᠷ᠎ᠠ᠂ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠪᠠ ᠬᠦᠴᠦᠨ ᠢᠶᠠᠨ ᠲᠦᠪᠯᠡᠷᠡᠭᠦᠯᠦᠨ | ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠪᠦᠯᠬᠦᠮᠳᠡᠨ ᠲᠦᠰᠢᠭᠯᠡᠵᠦ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠵᠢᠯᠯᠠᠵᠤ ᠡᠷᠡᠯᠬᠡᠭᠯᠡᠨ ᠤᠷᠤᠭᠰᠢᠯᠠᠵᠤ᠂ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ ᠨᠠᠩ ᠶᠡᠭᠡ ᠠᠯᠬᠤᠮ ᠢ ᠠᠯᠬᠤᠪᠠ᠃ ᠵᠢᠱᠢᠯᠲᠡ ᠪᠠᠷ ᠪᠦᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 64.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2.2 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠳᠡᠭ 11.5 ᠳ᠋ᠦᠩᠰᠢᠭᠤᠷ ᠲᠦᠭᠦᠷᠢᠭ ᠭᠦᠷᠴᠦ᠂ ᠠᠳᠠᠯᠢ ᠬᠤᠭᠤᠴᠠᠭᠠᠨ | ᠤ ᠬᠢ ᠠᠴᠠ 3% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ | 34670 ᠲᠥᠭᠦᠷᠢᠭ ᠪᠠ 17713 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ | ᠲᠣᠰ 6.5% ᠪᠠ 8.5% ᠪᠠᠷ ᠨᠡᠮᠡᠭᠳᠡᠪᠡ᠃ | ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠨ᠂ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠴᠦ᠂ | ᠭᠠᠪᠰᠢᠭᠠᠶᠢᠯᠠᠨ ᠪᠠᠶᠢᠯᠳᠤᠵᠤ᠂ ᠠᠵᠤ ᠠᠬᠤᠢ ᠶᠢᠨ ᠬᠥᠭᠵᠢᠯᠲᠡ ᠬᠤᠷᠳᠤᠴᠠ ᠲᠠᠢ ᠪᠦᠬᠡᠳ ᠴᠢᠨᠠᠷ ᠰᠠᠶᠢᠲᠠᠢ ᠪᠣᠯᠪᠠ᠃ | ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 6 ᠲᠦᠮᠡᠨ ᠮᠦ ᠰᠢᠨ᠎ᠡ ᠪᠠᠷ ᠪᠠᠶᠢᠭᠤᠯᠵᠤ᠂ | ᠠᠮᠤ ᠪᠤᠳᠠᠭᠠᠨ ᠤ ᠤᠨᠠᠯᠲᠠ 13 ᠳ᠋ᠦᠩᠰᠢᠭᠤᠷ ᠵᠢᠩ ᠢ ᠳᠠᠪᠠᠵᠤ᠂ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ | ᠤᠯᠬᠤ︾ ᠶᠢ ᠪᠡᠶᠡᠯᠡᠭᠦᠯᠪᠡ᠃ ᠠᠯᠠᠰᠢᠨ ᠦᠬᠡᠷ᠂ ᠰᠠᠭᠠᠭ ᠵᠡᠷᠭᠡ ᠠᠵᠤ ᠦᠢᠯᠡᠰ ᠢ ᠲᠡᠳᠬᠦᠬᠦ ᠲᠥᠷᠥ ᠶᠢᠨ | ᠪᠣᠳᠣᠯᠭ᠎ᠠ ᠶᠢ ᠨᠡᠶᠢᠲᠡᠯᠡᠵᠦ᠂ ᠮᠠᠯ ᠵᠢᠭᠦᠷᠳᠡᠨ ᠨᠢ 93.8 ᠲᠦᠮᠡᠨ ᠲᠣᠯᠣᠭᠠᠶ ᠭᠦᠷᠪᠡ᠂ ᠡᠭᠦᠨ ᠳᠤ ᠠᠯᠠᠰᠢᠨ | ᠦᠬᠡᠷ ᠤᠨ ᠲᠤᠭ᠎ᠠ 45 ᠲᠦᠮᠡ ᠪᠠᠶᠢᠨ᠎ᠠ᠃ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠨᠣᠬᠠᠶ ᠶᠢᠨ | ᠬᠤᠰᠢᠭᠤ ᠰᠠᠭᠠᠭ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠡᠷᠭᠡ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠵᠦ᠂ ︽ᠬᠦᠷᠢᠶᠡᠨ ᠤ ᠰᠠᠭᠠᠭ ᠬᠠᠭᠤᠷᠠᠶ ᠪᠠᠷ ᠳᠠᠷᠢᠬᠤ ᠰᠢᠰᠲ᠋ᠧᠮ︾ ᠨᠢ ᠳᠣᠯᠣᠳᠤᠭᠠᠷ | ᠪᠦᠯᠦᠭ ᠤᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠰᠣᠶᠣᠯ ᠤᠨ ᠥᠪ ᠤᠨ ᠨᠡᠷᠡᠰ ᠲᠤ ᠰᠣᠩᠭᠤᠭᠳᠠᠵᠤ᠂ ︽ | ᠬᠦᠷᠢᠶ᠎ᠡ ᠶᠢᠨ ᠰᠠᠭᠠᠭ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠥᠷᠲᠡᠭ ᠨᠢ | 77 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ | ᠡᠭᠦᠳᠦᠨ ᠪᠠᠶᠢᠭᠤᠯᠪᠠ᠃ ᠶᠢᠨ ᠹᠧᠩ ᠴᠣᠬᠤᠢ ᠶᠢᠨ ᠺᠠᠯᠼ᠂ ᠱᠦᠸᠧ ᠵᠢᠶᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ | 4 ᠢ ᠡᠬᠢᠯᠡᠭᠦᠯᠵᠦ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ᠂ ᠵᠢᠯ ᠳᠤ 400 ᠲᠦᠮᠡᠨ | ᠲᠣᠨ ᠦᠢᠯᠡᠳᠪᠦᠷᠢᠯᠡᠬᠦ ᠴᠣᠬᠤᠢ ᠶᠢᠨ ᠴᠢᠯᠠᠭᠤ ᠶᠢ ᠨᠠᠷᠢᠯᠢᠭ ᠡᠳ᠋ᠰᠢᠭᠦᠯᠬᠦ ᠲᠦᠷᠦᠯ ᠵᠦᠢᠯ ᠢ ᠡᠬᠢᠯᠡᠭᠦᠯᠵᠦ᠂ ᠳ᠋ᠦᠩ | ᠹᠠᠩ ᠢᠦᠢ ᠬᠤᠩ᠂ ᠱᠧᠩ ᠬᠤᠸᠠ ᠠᠵᠤ ᠦᠢᠯᠡᠰ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ | ᠴᠠᠬᠢᠭᠤᠷ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠣᠷᠣᠭᠤᠯᠵᠤ᠂ 2 ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠡᠰ ᠳᠡᠪᠰᠢᠨ ᠪᠦᠷᠢᠳᠬᠡᠪᠡ᠃ ᠮᠦᠽᠧᠶ ᠶᠢ ᠥᠭᠡᠷᠡᠴᠢᠯᠡᠨ ᠪᠠᠶᠢᠭᠤᠯᠬᠤ ᠵᠡᠷᠭᠡ 11 ᠰᠣᠶᠣᠯ | ᠵᠢᠭᠤᠯᠴᠢᠯᠠᠯ ᠤᠨ ᠲᠥᠷᠥᠯ ᠵᠦᠢᠯ ᠢ ᠬᠡᠷᠡᠭᠵᠢᠭᠦᠯᠵᠦ᠂ ︽ᠭᠠᠷᠠᠭ ᠤᠨ ᠰᠡᠭᠦᠯᠴᠢ ᠶᠢᠨ ᠬᠦᠷᠢᠶ᠎ᠡ︾ ᠶᠢᠨ | ᠠᠵᠢᠯᠯᠠᠭ᠎ᠠ ᠶᠢ 37 ᠲᠠᠯᠠᠪᠤᠷ ᠤᠳᠠᠭ᠎ᠠ ᠥᠷᠨᠢᠭᠦᠯᠵᠦ᠂ ᠮᠦᠩᠭᠦᠨ ᠡᠯᠡᠰᠦᠨ ᠲᠤᠬᠤᠢ 3A ᠲᠠᠰ ᠤᠨ | ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠵᠤᠭᠠᠴᠠᠭᠰᠠᠳ ᠤᠨ ᠲᠤᠭ᠎ᠠ ᠪᠠ | ᠶᠡᠷᠦᠩᠬᠡᠶᠢᠯᠡᠭᠰᠡᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠢᠯᠡᠳᠲᠡ ᠪᠣᠯᠪᠠ᠃ ᠰᠢᠨ᠎ᠡ ᠪᠠᠷ ᠲᠠᠩᠰᠠᠯᠠᠭᠤᠯᠤᠭᠰᠠᠨ | ᠵᠠᠬ᠎ᠠ ᠲᠡᠯᠬᠡᠭᠦᠷ ᠤᠨ ᠪᠠᠶᠠᠴᠢ ᠴᠤᠭᠴᠠ 4922 ᠡᠷᠦᠬᠡ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 4 ᠪᠤᠶᠢᠵᠢᠭᠤᠯᠪᠠ᠃ | ᠨᠢᠭᠡ ᠵᠢᠯ ᠨᠡᠭᠡᠭᠡᠯᠲᠡ ᠬᠢᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠦᠨ | ᠴᠢᠳᠠᠯ ᠢᠶᠠᠨ ᠬᠤᠷᠠᠮᠳᠤᠭᠤᠯᠤᠨ᠂ ᠰᠢᠨ᠎ᠡ ᠶᠢ ᠡᠭᠦᠳᠬᠦ ᠬᠥᠭᠵᠢᠯᠲᠡ ᠨᠡᠩ ᠠᠮᠢᠵᠢᠷᠠᠯ ᠤᠨ ᠬᠦᠴᠦᠨ ᠲᠠᠢ ᠨᠡᠩ ᠶᠡᠭᠡ | ᠳᠠᠯᠳᠠ ᠬᠦᠴᠦᠨ ᠲᠠᠢ ᠪᠣᠯᠪᠠ᠃ PCCP ᠬᠤᠭᠤᠯᠠᠢ ᠶᠢᠨ ᠦᠢᠯᠡᠳᠪᠦᠷᠢᠯᠡᠯ ᠵᠡᠷᠭᠡ 44 ᠲᠥᠷᠥᠯ ᠵᠦᠢᠯ | ᠬᠤᠳᠠᠯᠳᠤᠭᠠᠴᠢᠨ ᠤᠷᠢᠵᠦ ᠤᠷᠤᠭᠤᠯᠵᠦ᠂ 5.83 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠵᠤ᠂ 101% ᠪᠠᠷ ᠨᠡᠮᠡᠭᠳᠡᠭᠦᠯᠦᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠦᠭᠰᠡᠨ ᠨᠣᠷᠮ᠎ᠠ 61% ᠳᠤ ᠬᠦᠷᠴᠡᠢ᠃ 43 ᠭᠤᠤᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ | ᠠᠵᠢᠯ ᠢᠶᠠᠨ ᠡᠬᠢᠯᠡᠭᠦᠯᠵᠦ᠂ ᠭᠠᠭ᠋ᠠᠶ ᠠᠭᠤᠯᠠ ᠤᠰᠤᠨ ᠴᠥᠭᠦᠷᠥᠮ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ | ᠵᠡᠷᠭᠡ ︽ᠬᠦᠴᠢᠷ ᠲᠦᠪᠡᠭᠲᠡᠶ︾ ᠲᠥᠷᠥᠯ ᠵᠦᠢᠯ ᠪᠠ ︽ᠬᠠᠭᠠᠰ ᠲᠤᠲᠠᠭᠤ ᠤᠷᠬᠢᠭᠰᠠᠨ︾ ᠪᠠᠷᠢᠯᠭ᠎ᠠ ᠶᠢ | ᠠᠮᠢᠳᠤᠯᠢᠭᠵᠢᠭᠤᠯᠤᠨ ᠳᠠᠬᠢᠨ ᠡᠬᠢᠯᠡᠭᠦᠯᠵᠦ᠂ ᠾᠧᠩ ᠶᠤᠸᠠᠨ ᠴᠠᠬᠢᠭᠤᠷ ᠡᠯᠡᠰᠦ ᠵᠡᠷᠭᠡ 23 ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ | ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢᠨ ᠦᠷ᠎ᠡ ᠪᠦᠲᠦᠭᠡᠯ ᠡᠯᠪᠡᠭ᠂ 1522 ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ 1031 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠦᠨᠡᠮᠯᠡᠯ ᠠᠴᠠ ᠬᠡᠯᠲᠦᠷᠢᠭᠦᠯᠬᠦ ᠦᠢᠯᠡᠴᠢᠯᠡᠭᠡ︾᠂ ᠠᠷᠠᠳ ᠤᠨ ᠠᠮᠢᠳᠤᠷᠠᠯ ᠤᠨ 648 ᠵᠦᠢᠯᠡᠰ ᠢ ︽ᠬᠤᠷᠤᠭᠤᠨ | ᠦᠵᠦᠭᠦᠷ ᠢᠶᠠᠷ ᠭᠦᠢᠴᠡᠳᠬᠡᠬᠦ︾ ᠪᠣᠯᠭᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ | ᠤᠲᠠᠰᠤ ᠶᠢ ᠰᠢᠯᠵᠢᠭᠦᠯᠦᠨ ᠰᠢᠢᠳᠪᠦᠷᠢᠯᠡᠬᠦ ᠵᠦᠢᠯᠡᠰ ᠢ 1.1 ᠲᠦᠮᠡᠨ ᠬᠡᠷᠡᠭ ᠢ ᠳᠠᠭᠠᠭᠠᠨ ᠰᠢᠢᠳᠪᠦᠷᠢᠯᠡᠵᠦ᠂ | ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ ᠬᠠᠨᠤᠮᠵᠢᠲᠠᠶ ᠨᠣᠷᠮ᠎ᠠ ᠶᠢ 98% ᠠᠴᠠ ᠳᠡᠭᠡᠭᠰᠢ ᠪᠠᠶᠢᠯᠭᠠᠬᠤ ᠶᠢ | ᠪᠠᠲᠤᠯᠠᠵᠤ᠂ ᠨᠠᠮ ᠤᠨ ᠪᠠᠶᠢᠭᠤᠯᠤᠯᠲᠠ ᠶᠢᠨ ᠲᠣᠣᠷᠵᠢᠭᠤᠯᠤᠯᠲᠠ ᠬᠢᠭᠡᠳ 12345 ᠬᠠᠯᠠᠮᠰᠢᠯ ᠤᠲᠠᠰᠤ ᠶᠢ | ᠣᠷᠭᠠᠨᠢᠭ ᠢᠶᠠᠷ ᠠᠭᠤᠰᠤᠯᠴᠠᠭᠤᠯᠵᠤ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠰᠢᠢᠳᠪᠦᠷᠢᠯᠡᠬᠦ ᠵᠡᠷᠭᠡ 4 ᠵᠦᠢᠯᠡᠰ | ᠥᠪᠡᠷᠲᠡᠭᠡᠨ ᠵᠠᠰᠠᠬᠤ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠩᠭᠤᠭᠳᠠᠪᠠ᠃ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠰᠢᠩᠭᠡᠭᠡᠨ ᠠᠪᠬᠤ ᠪᠠ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢᠨ ᠠᠷᠠᠯᠵᠢᠶ᠎ᠠ ᠬᠤᠶᠠᠷ | ᠤᠳᠠᠭᠠᠨ ᠤ ︽ᠰᠠᠶᠢᠨ ᠠᠷᠠᠯᠵᠢᠶ᠎ᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠡᠳᠦᠭᠡᠷ ᠪᠦᠯᠦᠭ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠱᠠᠳᠤᠴᠢ | ᠴᠢᠨᠠᠷᠳᠠᠢ ᠭᠦᠭᠵᠢᠯᠳᠠ ᠤᠯᠵᠦ᠂ ᠭᠠᠵᠠᠷ ᠰᠢᠷᠣᠶ ᠶᠢᠨ ᠨᠥᠭᠡᠴᠡ ᠶᠢᠨ ᠬᠥᠮᠥᠷᠭᠡ ᠶᠢ ᠨᠦᠭᠦᠪᠦᠷᠢᠯᠡᠵᠦ᠂ ᠪᠦᠳᠦᠬᠡᠨ | ᠪᠠᠶᠢᠭᠤᠯᠤᠯᠳᠠ ᠳᠤ ᠬᠡᠷᠡᠭᠯᠡᠭᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠬᠤ ᠵᠦᠢᠯᠡᠰ ᠤᠨ ᠨᠢᠬᠡᠳᠦᠬᠡᠷ | ᠬᠤᠭᠤᠴᠠᠭ᠎ᠠ ᠶᠢ ᠨᠢᠬᠡᠨᠳᠠ ᠪᠡᠶᠡᠯᠡᠭᠦᠯᠵᠦ ᠭᠦᠮᠦᠷᠬᠡ ᠳᠤ ᠤᠷᠤᠭᠤᠯᠪᠠ᠂ ᠵᠢᠱᠢᠯᠳᠠ ᠪᠠᠷ ᠡᠳ᠋ ᠤᠨ ᠵᠠᠰᠠᠭ ᠤᠨ | ᠤᠷᠤᠯᠭ᠎ᠠ ᠢ ᠳ᠋ᠦᠩᠰᠢᠭᠤᠷ ᠲᠦᠭᠦᠷᠢᠭ ᠠᠴᠠ ᠲᠡᠬᠡᠭᠰᠢ ᠨᠡᠮᠡᠭᠳᠡᠭᠦᠯᠦᠨ᠎ᠡ᠃ | ᠨᠢᠭᠡ ᠵᠢᠯ ᠤᠨ ᠲᠠᠷᠢᠶᠠᠯᠠᠭ᠎ᠠ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠰᠠᠭᠤᠷᠢ ᠶᠢ ᠪᠠᠲᠤᠳᠬᠠᠨ | ᠳᠤᠲᠠᠭᠤᠳᠠᠯ ᠢ ᠨᠥᠬᠦᠪᠥᠷᠢᠯᠡᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠭᠤᠶᠤ ᠰᠠᠶᠢᠬᠠᠨ ᠪᠦᠬᠡᠳ ᠨᠡᠩ | ᠠᠭᠤᠯᠤᠭᠳᠠᠬᠤᠨ ᠲᠠᠢ ᠪᠤᠯᠪᠠ᠃ ᠶᠡᠷᠦᠩᠬᠡᠢ ᠪᠡᠯᠡ ᠣᠷᠣᠭᠤᠯᠤᠯᠲᠠ 1.7 ᠳ᠋ᠦᠩᠰᠢᠭᠤᠷ ᠲᠥᠭᠦᠷᠢᠭ ᠲᠤ ᠬᠦᠷᠦᠭᠰᠡᠨ | ᠰᠢᠶᠠᠨ ᠤ ᠵᠠᠮ ᠤᠨ 462 ᠮᠠᠩᠬᠠᠨ ᠠᠴᠠ ᠯᠢᠦ ᠵᠢᠶᠠᠽᠢ ᠬᠦᠷᠬᠦ ᠬᠡᠰᠡᠭ ᠤᠨ ᠵᠠᠰᠠᠮᠠᠯ ᠵᠠᠮ ᠤᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠬᠦ᠂ ᠭᠦᠭᠦᠨ ᠲᠠᠪᠤᠨ ᠪᠠᠶᠢᠰᠢᠩ ᠬᠥᠭᠦᠷᠭᠡ ᠵᠡᠷᠭᠡ 5 ᠵᠠᠮ ᠬᠠᠷᠢᠯᠴᠠᠭᠠᠨ ᠤ ᠲᠦᠷᠦᠯ | ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠪᠡ᠃ ᠨᠡᠶᠢᠲᠡ 7500 ᠲᠦᠮᠡᠨ | ᠲᠥᠭᠦᠷᠢᠭ ᠤᠨ ᠪᠠᠯᠠ ᠣᠷᠣᠭᠤᠯᠤᠭᠰᠠᠨ ᠠᠷᠤ ᠵᠠᠮ ᠤᠨ ᠪᠠᠷᠠᠭᠤᠨ ᠲᠣᠭᠤᠷᠢᠭ ᠢ ᠥᠭᠡᠷᠡᠴᠢᠯᠡᠬᠦ᠂ ᠰᠢᠨ᠎ᠡ | ᠬᠤᠲᠠ ᠶᠢᠨ ᠪᠠᠷᠠᠭᠤᠨ ᠵᠠᠮ ᠢ ᠤᠷᠲᠤᠳᠬᠠᠬᠤ ᠵᠡᠷᠭᠡ 18 ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠣᠭᠲᠠᠭᠰᠠᠨ ᠬᠤᠭᠤᠴᠠᠭᠠᠨ ᠳᠤ ᠲᠠᠭᠤᠰᠬᠠᠪᠠ᠂ ᠰᠢᠨ᠎ᠡ ᠪᠠᠶᠢᠭᠠᠯᠢ ᠶᠢᠨ ᠰᠢᠳᠠᠮᠠᠬᠠᠢ ᠬᠡᠢ ᠶᠢᠨ ᠬᠠᠩᠭᠠᠯᠭ᠎ᠠ | ᠶᠢᠨ ᠠᠵᠦ ᠠᠬᠤᠶᠢᠯᠠᠯ ᠢ ᠲᠠᠳᠠᠨ ᠤᠷᠤᠭᠤᠯᠵᠦ᠂ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠲᠠᠯᠠᠪᠠᠶ ᠶᠢ 10 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠲᠣᠭᠤᠷᠢᠭ ᠤᠨ ᠣᠷᠴᠢᠨ | ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠤᠨ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ 11 ᠥᠷᠲᠡᠭᠡ ᠶᠢ ᠰᠢᠨ᠎ᠡ ᠪᠠᠷ ᠪᠠᠶᠢᠭᠤᠯᠵᠤ᠂ | ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 26 ᠬᠡᠷᠡᠭᠵᠢᠭᠦᠯᠵᠦ᠂ 65 ᠺᠢᠯᠤᠮᠧᠲᠷ ᠤᠰᠤᠲᠤᠯ ᠢ ᠵᠠᠯᠠᠬᠤ | ᠢᠨᠵᠧᠨᠧᠷᠢᠩ ᠢ ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ 166 ᠺᠢᠯᠤᠮᠧᠲᠷ ᠥᠭᠡᠷᠡᠴᠢᠯᠡᠨ | ᠰᠠᠶᠢᠵᠢᠷᠠᠭᠤᠯᠵᠤ᠂ 82 ᠡᠷᠦᠬᠡ ᠶᠢᠨ ᠠᠶᠤᠯᠳᠦ ᠬᠡᠷ ᠢ ᠥᠭᠡᠷᠡᠴᠢᠯᠡᠨ ᠰᠠᠶᠢᠵᠢᠷᠠᠭᠤᠯᠵᠤ᠂ 912 ᠡᠷᠦᠬᠡ ᠶᠢᠨ | ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 82 ᠡᠷᠦᠬᠡ ᠨᠤᠷᠠᠬᠤ ᠠᠶᠤᠯᠳᠠᠢ ᠬᠡᠷ ᠪᠠᠶᠢᠰᠢᠩ ᠢ ᠦᠬᠡᠷᠡᠴᠢᠯᠡᠨ | ᠪᠠᠶᠢᠭᠤᠯᠵᠦ᠂ 912 ᠡᠷᠦᠬᠡ ᠶᠢᠨ ᠵᠤᠷᠯᠤᠭ᠌ ᠢ ᠦᠬᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ 5G ᠶᠢᠨ ᠰᠠᠭᠤᠷᠢ | ᠥᠷᠲᠡᠭᠡ ᠶᠢ 92 ᠰᠢᠨ᠎ᠡ ᠪᠠᠷ ᠪᠠᠶᠢᠭᠤᠯᠪᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ 2.4 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠨᠢᠬᠡᠳᠬᠡᠵᠦ᠂ 37 ᠲᠦᠷᠦᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠵᠤ᠂ ᠬᠡᠪᠴᠢᠶᠡᠵᠢᠭᠰᠡᠨ | ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠪᠠ᠃ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠭ | ᠲᠣᠭᠲᠠᠭᠠᠨ ᠬᠠᠪᠰᠤᠷᠤᠨ ᠲᠡᠳᠬᠦᠬᠦ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠲᠣᠰᠬᠤᠨ ᠪᠠᠯᠭᠠᠰᠤ ᠶᠢᠨ | ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠮᠴᠢᠯᠡᠭᠡᠨ ᠤ ᠦᠢᠯᠡᠴᠢᠯᠡᠭᠡ᠂ ᠠᠵᠤ | ᠦᠢᠯᠡᠰ ᠤᠨ ᠵᠢᠱᠢᠶ᠎ᠡ ᠦᠵᠡᠭᠦᠯᠬᠦ ᠵᠡᠷᠭᠡ ᠲᠠᠯ᠎ᠠ ᠪᠠᠷ ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ | ᠤᠯᠪᠠ᠃ ᠲᠣᠯᠣᠭᠠᠢᠯᠠᠭᠴᠢ ᠠᠵᠤ ᠠᠬᠤᠢᠯᠠᠯ ᠤᠨ ᠲᠠᠷᠢᠶᠠᠯᠠᠩ ᠢ ᠬᠤᠯᠪᠣᠭᠠᠯᠠᠵᠤ ᠲᠠᠷᠢᠶᠠᠯᠠᠩ ᠢ ᠳᠠᠭᠠᠭᠤᠯᠬᠤ ᠵᠠᠭᠪᠤᠷ | ᠳᠥᠷᠪᠡᠳᠦᠭᠡᠷ ᠬᠤᠭᠤᠴᠠᠭᠠᠨ ᠤ ᠣᠯᠠᠨ ᠤᠯᠤᠰ ᠤᠨ ᠶᠠᠳᠠᠭᠤ ᠶᠢ ᠲᠡᠳᠭᠦᠬᠦ ᠵᠢᠱᠢᠶᠠᠴᠢ ᠬᠡᠷᠡᠭ ᠪᠠᠷ ᠰᠤᠩᠭᠤᠭᠳᠠᠪᠠ᠃ | | ᠨᠢᠭᠡ ᠵᠢᠯ ᠤᠨ ᠲᠡᠮᠡᠴᠡᠯ ᠬᠢᠵᠦ᠂ ᠬᠠᠲᠠᠭᠤ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠨᠡᠩ ᠢᠳᠡ ᠬᠦᠴᠦᠨ ᠲᠠᠢ ᠪᠣᠯᠪᠠ᠃ ᠬᠤᠷᠴᠢᠨ ᠤ | ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠪᠥᠬᠦ ᠲᠠᠯ᠎ᠠ ᠪᠠᠷ ᠡᠬᠢᠯᠡᠭᠦᠯᠵᠦ᠂ ᠠᠭᠤᠯᠠ ᠤᠰᠤ ᠣᠶ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠡᠷᠭᠦᠭᠡᠬᠦ ᠢᠨᠵᠧᠨᠧᠷᠢᠩ᠂ ᠧᠦ᠋ᠷᠣᠫᠠ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢᠨ | ᠣᠶᠢᠵᠢᠭᠤᠯᠤᠯᠲᠠ ᠶᠢᠨ ᠲᠥᠷᠥᠯ ᠵᠦᠢᠯ ᠢ 50 ᠲᠦᠮᠡᠨ ᠮᠦ᠂ ᠠᠭᠤᠷᠬᠠᠶ ᠶᠢ 25.87 ᠾᠧᠺᠲ᠋ᠠᠷ ᠵᠠᠰᠠᠬᠤ | ᠠᠵᠢᠯ ᠢ ᠴᠢᠨᠠᠷ ᠰᠠᠶᠢᠲᠠᠶ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠣᠯᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠢ 93.4% ᠳᠤ ᠬᠦᠷᠭᠡᠪᠡ︔ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠤᠢ ᠪᠦᠬᠦᠢ ᠬᠢᠨᠠᠨ ᠰᠢᠯᠭᠠᠬᠤ ᠣᠭᠲᠣᠯᠤᠭᠠᠰᠤ᠂ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠤᠰᠤᠨ ᠤ ᠴᠢᠨᠠᠷ ᠢ ᠪᠦᠬᠦᠨ ᠢ ᠪᠠᠷᠢᠮᠵᠢᠶ᠎ᠠ ᠳᠤ | ᠬᠦᠷᠦᠭᠦᠯᠪᠡ︔ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠶᠢ ᠲᠠᠰᠤᠷᠠᠯᠲᠠ | ᠦᠭᠡᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠪᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠪᠠ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠤᠯᠤᠰ ᠤᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ | ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ 13% ᠪᠠᠷ ᠪᠠᠭᠤᠷᠠᠭᠤᠯᠵᠤ᠂ | ᠤᠯᠤᠰ ᠤᠨ ᠨᠢᠭᠡᠳᠦᠭᠡᠷ ᠪᠦᠯᠦᠭ ᠬᠥᠳᠡᠭᠡ ᠲᠣᠰᠬᠤᠨ ᠤ ᠡᠨᠧᠷᠭᠢ ᠶᠢᠨ ᠬᠤᠪᠢᠰᠬᠠᠯ ᠤᠨ ᠲᠤᠷᠰᠢᠯᠲᠠ ᠶᠢᠨ | ᠰᠢᠶᠠᠨ ᠳᠤ ᠠᠮᠵᠢᠯᠲᠠ ᠲᠠᠢ ᠪᠠᠷ ᠰᠣᠩᠭᠤᠭᠳᠠᠪᠠ᠃ | ᠨᠢᠭᠡ ᠵᠢᠯ ᠳᠤ ᠴᠢᠩ ᠰᠡᠳᠬᠢᠯᠬᠡ ᠤᠨ ᠴᠢᠷᠮᠠᠶᠢᠯᠭ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠠᠷᠠᠳ ᠤᠨ | ᠲᠥᠯᠥᠭᠡ ᠲᠥᠷᠥ ᠪᠠᠷᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠷᠴᠢᠮ ᠤᠯᠠᠮ ᠬᠠᠶᠢᠷ᠎ᠠ ᠲᠠᠢ ᠪᠣᠯᠪᠠ᠃ | 45 ᠵᠦᠢᠯ ᠤᠨ ᠲᠣᠭᠤᠷᠢᠭ᠂ ᠬᠤᠲᠠ᠂ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ | ᠰᠢᠢᠳᠪᠦᠷᠢᠯᠡᠨ ᠲᠠᠭᠤᠰᠬᠠᠪᠠ᠂ ᠠᠵᠤ ᠠᠬᠤᠶᠢᠯᠠᠯ ᠤᠨ ᠲᠠᠩᠰᠠᠨ ᠵᠣᠭᠤᠰ ᠢ ᠴᠡᠪᠡᠷᠯᠡᠬᠦ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠲᠤᠬᠠᠶ ᠶᠢᠨ ᠵᠢᠯ ᠤᠨ ᠠᠷᠢᠯᠭᠠᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠪᠡ᠃ | ︽ᠠᠷᠠᠳ ᠲᠦᠮᠡᠨ ᠤ ᠬᠦᠰᠡᠯ ᠡᠷᠡᠮᠡᠯᠵᠡᠯ᠂ ᠰᠠᠯᠠᠭ᠎ᠠ ᠮᠥᠴᠢᠷ ᠤᠨ ᠭᠦᠢᠴᠡᠳᠬᠡᠬᠦ︾ ᠪᠠ ᠬᠤᠲᠠ ᠪᠠᠯᠭᠠᠰᠤᠨ ᠤ | ᠬᠦᠴᠢᠷᠳᠡᠯᠲᠡᠶ ᠣᠯᠠᠨ ᠲᠦᠮᠡᠨ ᠤ ︽ᠨᠢᠬᠡ ᠳᠤ ᠨᠢᠬᠡ ᠪᠠᠷ︾᠂ ︽ᠭᠠᠷ ᠬᠤᠯᠪᠣᠨ ᠬᠦᠴᠢᠷᠳᠡᠯ ᠢ ᠨᠢ | ᠰᠢᠢᠳᠪᠦᠷᠢᠯᠡᠬᠦ︾ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ ᠠᠬᠢᠭᠤᠯᠵᠤ᠂ ᠠᠵᠢᠯ | ᠤᠯᠭᠤᠯᠳᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ ᠮᠠᠯᠴᠢᠨ ᠲᠠᠷᠢᠶᠠᠴᠢᠨ ᠢ | 2.36 ᠲᠦᠮᠡᠨ ᠭᠦᠮᠦᠨ ᠳᠤ ᠰᠢᠯᠵᠢᠭᠦᠯᠦᠨ ᠠᠵᠢᠯ ᠤᠯᠭᠤᠬᠤ ᠶᠢ ᠪᠡᠶᠡᠯᠡᠭᠦᠯᠪᠡ᠃ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠰᠤᠷᠭᠠᠨ | ᠬᠥᠮᠦᠵᠢᠯ ᠤᠨ ᠶᠠᠰᠤ ᠴᠢᠨᠠᠷ ᠤᠨ ᠭᠤᠷᠪᠠᠨ ᠵᠢᠯ ᠳᠤ ᠳᠡᠭᠡᠭᠰᠢᠯᠡᠭᠦᠯᠬᠦ ᠠᠵᠢᠯᠯᠠᠭ᠎ᠠ ᠨᠢ ᠠᠩᠬ᠎ᠠ ᠠᠯᠬᠤᠮ ᠤᠨ ᠦᠷ᠎ᠡ | ᠪᠦᠲᠦᠮᠵᠢ ᠣᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠤᠷᠤᠯᠭ᠎ᠠ ᠶᠢᠨ ᠬᠢᠷᠢ ᠲᠦᠪᠰᠢᠨ ᠴᠥᠮ | ᠳᠡᠭᠡᠭᠰᠢᠯᠡᠯᠲᠡ ᠲᠠᠢ ᠪᠣᠯᠪᠠ︔ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ | ᠪᠠᠶᠢᠭᠤᠯᠤᠮᠵᠢ ᠶᠢᠨ ᠶᠡᠷᠦᠩᠬᠡᠶ ᠡᠮᠴᠢᠯᠡᠭᠡᠨ ᠤ ᠬᠡᠮᠵᠢᠶ᠎ᠡ 5.5% ᠪᠠᠷ ᠨᠡᠮᠡᠭᠳᠡᠵᠦ᠂ ᠡᠪᠡᠳᠴᠢᠲᠡᠨ ᠤ ᠣᠷᠣ ᠶᠢᠨ | ᠬᠡᠷᠡᠭᠯᠡᠯᠲᠡ ᠶᠢᠨ ᠨᠣᠷᠮ᠎ᠠ 11.6% ᠪᠠᠷ ᠳᠡᠭᠡᠭᠰᠢᠯᠡᠵᠦ᠂ ᠣᠯᠠᠨ ᠲᠦᠮᠡᠨ ᠤ ᠰᠤᠷᠭᠠᠨ ᠬᠥᠮᠦᠵᠢᠯ ᠪᠠ | ᠡᠮᠴᠢᠯᠡᠭᠡᠨ ᠤ ᠦᠢᠯᠡᠰ ᠤᠨ ᠲᠤᠬᠠᠶ ᠢᠲᠡᠭᠡᠯ ᠵᠣᠷᠢᠭ ᠢ ᠬᠥᠪᠴᠢᠯᠡᠪᠡ᠃ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠶ ᠡᠭᠦᠳᠦᠨ ᠪᠠᠶᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠬᠢᠵᠦ ᠦᠷ᠎ᠡ ᠪᠦᠲᠦᠮᠵᠢ ᠤᠯᠬᠤ ᠶᠢ | ᠠᠬᠢᠭᠤᠯᠪᠠ᠃ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ | ᠢᠳᠡᠪᠬᠢᠲᠡᠢ ᠡᠭᠦᠳᠦᠨ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠦᠨᠳᠦᠰᠦᠨ ᠱᠠᠲᠤᠨ ᠤ ᠠᠪᠤᠷᠠᠨ | ᠲᠤᠰᠠᠯᠠᠬᠤ ᠬᠦᠴᠦᠨ ᠢ ᠪᠥᠬᠦ ᠲᠠᠯ᠎ᠠ ᠪᠠᠷ ᠪᠠᠬᠢᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ | ᠲᠣᠭᠲᠠᠭᠤᠨ ᠢ ᠪᠠᠲᠤᠯᠠᠪᠠ᠃ | ᠨᠢᠭᠡ ᠵᠢᠯ ᠳᠤ ᠯᠠᠪᠳᠠᠭᠤᠨ ᠪᠠᠲᠤᠲᠠᠢ ᠬᠡᠷᠡᠭᠵᠢᠭᠦᠯᠵᠦ᠂ ᠤᠬ ᠰᠠᠨᠠᠭ᠎ᠠ ᠪᠠᠨ ᠬᠢᠴᠢᠶᠡᠩᠭᠦ᠋ᠢᠯᠡᠨ ᠰᠠᠬᠢᠵᠤ᠂ | ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠨᠡᠩ ᠦᠷ᠎ᠡ ᠪᠦᠲᠦᠮᠵᠢ ᠲᠠᠢ | ᠪᠣᠯᠵᠠᠢ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠪᠠ︔ ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠢ | ᠶᠡᠭᠡ ᠲᠠᠯ᠎ᠠ ᠪᠥᠬᠦ ᠲᠠᠯ᠎ᠠ ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠶᠡᠭᠡ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ᠂ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠲᠠᠪᠴᠠᠩ ᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠪᠠ︔ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ 102 ᠬᠤᠪᠢ ᠥᠨᠳᠥᠷ ᠪᠦᠲᠦᠮᠵᠢᠲᠡᠶ ᠪᠠᠷ ᠭᠦᠢᠴᠡᠳᠬᠡᠵᠦ᠂ ᠲᠠᠪᠤᠳᠤᠭᠠᠷ ᠤᠳᠠᠭᠠᠨ ᠤ ᠪᠦᠭᠦ | ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠢᠯᠭᠠᠷᠠᠭᠤᠯᠤᠨ ᠪᠠᠶᠢᠴᠠᠭᠠᠯᠳᠠ ᠶᠢ ᠪᠡᠶᠡᠯᠡᠭᠦᠯᠪᠡ᠃ ︽ | ᠵᠠᠰᠠᠭ ᠤᠨ ᠣᠷᠳᠣᠨ ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶ ᠠᠬᠢᠭᠤᠯᠵᠤ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ ᠶᠢ | 100% ᠳᠤ ᠬᠦᠷᠭᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ | ᠠᠵᠢᠯᠯᠠᠵᠤ ᠡᠷᠡᠯᠬᠡᠭᠯᠡᠨ ᠤᠷᠤᠭᠰᠢᠯᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ | ᠲᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠦ᠂ ︽ᠭᠤᠷᠪᠠᠨ ᠤᠯᠠᠨ ᠭᠤᠷᠪᠠᠨ | ᠴᠦᠬᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠵᠦ᠂ ᠵᠠᠰᠠᠭ ᠤᠨ ᠤᠷᠳᠤᠨ ᠤ ᠭᠦᠢᠴᠡᠳᠬᠡᠭᠦ | ᠭᠦᠴᠦᠨ ᠪᠠ ᠤᠯᠠᠨ ᠨᠠᠶᠢᠳᠠ ᠶᠢ ᠢᠳᠡᠬᠡᠭᠦᠯᠭᠦ ᠭᠦᠴᠦᠨ ᠤᠯᠠᠮ ᠨᠢᠬᠡ ᠠᠯᠬᠤᠮ ᠲᠡᠬᠡᠭᠰᠢᠯᠡᠪᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ᠂ ᠭᠠᠳᠠᠭᠠᠳᠤ | ᠶᠠᠪᠤᠳᠠᠯ ᠬᠠᠷᠢᠶᠠᠲᠤ ᠶᠢᠨ ᠶᠠᠪᠤᠳᠠᠯ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ᠂ ᠴᠠᠭ | ᠠᠭᠤᠷ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠵᠣ᠂ ᠠᠵᠢᠯᠴᠢᠨ ᠵᠠᠯᠠᠭᠤᠴᠤᠳ ᠡᠮᠡᠭᠳᠡᠶᠢᠴᠤᠳ ᠰᠢᠨᠵᠢᠯᠡᠭᠦ | ᠤᠬᠠᠭᠠᠨ ᠤ ᠨᠡᠶᠢᠬᠡᠮᠯᠢᠭ᠂ ᠦᠳᠡᠭᠦᠰ᠂ ᠵᠡᠮᠳᠡᠭᠴᠦᠳ᠂ ᠨᠢᠭᠦᠯᠡᠰᠦᠩᠭᠦᠢ᠂ ᠤᠯᠠᠭᠠᠨ ᠵᠠᠭᠠᠯᠮᠠᠶᠢᠳᠠᠨ᠂ ᠰᠠᠶᠢᠨ | ᠳᠤᠷ᠎ᠠ ᠶᠢᠨ ᠦᠢᠯᠡᠴᠢᠯᠡᠭᠡ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠠᠬᠢᠴᠠ ᠲᠠᠢ | ᠪᠣᠯᠪᠠ᠃ | ᠲᠥᠯᠥᠭᠡᠯᠡᠭᠴᠢᠳ ᠡ᠂ ᠬᠡᠷᠡᠭᠵᠢᠭᠦᠯᠦᠭᠰᠡᠨ ᠨᠢ ᠪᠠᠲᠤ ᠪᠠᠶᠢᠵᠤ᠂ ᠮᠡᠳᠡᠭᠰᠡᠨ ᠤ ᠠᠴᠢ ᠲᠤᠰᠠ ᠨᠢ ᠲᠣᠳᠣᠷᠬᠠᠶ | ᠶᠤᠮ᠃ ᠦᠩᠬᠡᠷᠡᠭᠰᠡᠨ ᠨᠢᠬᠡ ᠵᠢᠯ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠪᠢᠳᠡ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠰᠠᠯᠬᠢ ᠪᠣᠷᠣᠭᠠᠨ ᠢ ᠬᠠᠶᠢᠬᠤᠷᠤᠯ | ᠦᠭᠡᠢ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠣᠳᠠᠲᠠᠢ ᠠᠵᠢᠯᠯᠠᠨ ᠡᠷᠡᠯᠬᠡᠭᠯᠡᠨ ᠤᠷᠤᠭᠰᠢᠯᠠᠵᠤ᠂ ᠴᠦᠬᠦᠷᠡᠰᠢ | ᠦᠭᠡᠢ ᠲᠡᠮᠡᠴᠡᠵᠦ᠂ ᠬᠥᠭᠡᠭᠡᠴᠡᠯᠳᠦᠬᠦ᠂ ᠬᠥᠭᠡᠭᠡᠨ ᠳᠠᠪᠠᠭ᠋ᠤ᠂ ᠳᠠᠪᠠᠵᠤ ᠭᠠᠷᠬᠤ ᠬᠤᠷᠳᠤᠴᠠ ᠶᠢ ᠲᠦᠷᠭᠡᠳᠬᠡᠪᠡ᠃ | ᠵᠠᠰᠠᠭ ᠤᠨ ᠤᠷᠳᠤᠨ ᠤ ᠠᠵᠢᠯ ᠰᠢᠨ᠎ᠡ ᠬᠢᠯᠠᠰ ᠴᠢᠭ᠂ ᠰᠢᠨ᠎ᠡ ᠰᠢᠪᠳᠤᠯᠤᠯᠳᠠ᠂ ᠰᠢᠨ᠎ᠡ ᠦᠷ᠎ᠡ ᠪᠦᠳᠦᠮᠵᠢ ᠤᠯᠪᠠ᠃ | ᠡᠳᠡᠬᠡᠷ ᠠᠮᠵᠢᠯᠳᠠ ᠤᠯᠤᠭᠰᠠᠨ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠭᠦ ᠤᠬᠠᠭᠠᠨᠴᠢ ᠪᠠᠷ ᠵᠢᠯᠣᠭᠤᠳᠴᠤ᠂ | ᠠᠮᠢᠳᠤᠯᠢᠭ ᠤᠶᠢᠯᠡᠳᠤᠯᠭᠡᠵᠢᠭᠦᠯᠦᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠪᠥᠬᠦ ᠲᠠᠯ᠎ᠠ ᠶᠢ | ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ | ᠪᠥᠬᠦ ᠬᠤᠰᠢᠭᠤᠨ ᠤ ᠺᠠᠳ᠋ᠷ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠢᠭᠡ ᠰᠡᠳᠬᠢᠯ ᠨᠢᠭᠡ | ᠵᠣᠷᠢᠭ ᠢᠶᠠᠷ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ | ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠭᠦᠷᠢᠶ᠎ᠡ ᠳᠤ ᠰᠠᠭᠤᠭ᠎ᠠ ᠳᠠᠷᠤᠭ᠎ᠠ | ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠬᠠᠪᠰᠤᠷᠤᠨ ᠲᠡᠳᠬᠦᠬᠦ ᠨᠢᠭᠡᠴᠡ ᠶᠢᠨ ᠮᠢ | ᠶᠦᠨ ᠲᠣᠭᠤᠷᠢᠭ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠦᠷᠢᠶᠡᠨ ᠤ ᠬᠥᠭᠵᠢᠯᠲᠡ ᠶᠢ | ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠬᠥᠮᠦᠰ ᠲᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ | ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ | ᠭᠦᠷᠢᠶ᠎ᠡ ᠶᠢᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠳᠤ ᠮᠠᠰᠢ ᠣᠯᠠᠨ ᠠᠰᠠᠭᠤᠳᠠᠯ ᠪᠠ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠄ ︽ ᠲᠤᠭᠳᠠᠭᠤᠨ︾ ᠤ ᠰᠠᠭᠤᠷᠢ ᠶᠢ ᠪᠠᠰᠠ ᠴᠢᠩᠭᠠᠳᠬᠠᠬᠤ | ᠴᠢᠬᠤᠯᠠᠲᠠᠶ᠂ ᠬᠥᠭᠵᠢᠯᠲᠡ ᠶᠢᠨ ᠪᠠᠶᠢᠳᠠᠯ ᠬᠡᠳᠦ᠋ᠢᠪᠡᠷ ᠨᠡᠯᠢᠶᠡᠳ ᠰᠠᠶᠢᠨ ᠪᠣᠯᠪᠠᠴᠤ ᠠᠵᠤ ᠠᠬᠤᠶ ᠶᠢᠨ ᠶᠡᠷᠦᠩᠬᠡᠶ | ᠬᠡᠮᠵᠢᠶ᠎ᠡ ᠮᠥᠨ ᠬᠦ ᠪᠠᠭ᠎ᠠ ᠪᠠᠶᠢᠵᠤ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠶᠡᠷᠦᠩᠬᠡᠶᠢᠯᠡᠭᠰᠡᠨ ᠪᠣᠳᠠᠲᠤ | ᠬᠦᠴᠦᠨ ᠴᠢᠩᠭ᠎ᠠ ᠪᠢᠰᠢ ᠪᠠᠶᠢᠨ᠎ᠠ︔ ︽ᠣᠷᠣᠭᠤᠯᠬᠤ︾ ᠲᠤᠯᠭᠠᠭᠤᠷᠢᠯᠠᠯ ᠢ ᠪᠠᠰᠠ ᠪᠠᠬᠢᠵᠢᠭᠦᠯᠬᠦ ᠴᠢᠬᠤᠯᠠᠲᠠᠶ᠂ | ᠠᠵᠤ ᠦᠢᠯᠡᠰ ᠤᠨ ᠬᠥᠭᠵᠢᠯᠲᠡ ᠬᠡᠳᠦ᠋ᠢᠪᠡᠷ ᠳᠡᠭᠡᠭᠰᠢᠯᠡᠯᠲᠡ ᠲᠠᠢ ᠪᠣᠯᠤᠭᠰᠠᠨ ᠪᠣᠯᠪᠠᠴᠤ ᠠᠵᠤ | ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠶ ᠪᠠᠶᠢᠵᠤ᠂ ᠠᠵᠤ ᠦᠢᠯᠡᠳᠪᠦᠷᠢ ᠶᠢᠨ ᠰᠠᠭᠤᠷᠢ ᠨᠡᠯᠢᠶᠡᠳ ᠪᠠᠭᠤᠷᠠᠶ᠂ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠬᠡᠮᠵᠢᠶ᠎ᠡ ᠳᠣᠤᠷ᠎ᠠ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠬᠤᠴᠣᠷᠴᠤ᠂ ᠵᠢᠭᠤᠯᠴᠢᠯᠠᠯ ᠤᠨ ᠦᠢᠯᠡᠰ ᠤᠨ ︽ᠨᠢᠭᠡ ᠠᠵᠤ ᠦᠢᠯᠡᠰ ᠵᠠᠭᠤᠨ ᠦᠢᠯᠡᠰ ᠢ ᠳᠠᠭᠠᠭᠤᠯᠬᠤ︾ | ᠪᠠᠶᠢᠷᠢᠰᠢᠯ ᠢ ᠬᠠᠷᠠᠬᠠᠨ ᠪᠦᠷᠢᠯᠳᠦᠭᠦᠯᠦᠭᠡᠳᠦᠶ ᠪᠠᠶᠢᠨ᠎ᠠ︔ ︽ᠨᠡᠮᠡᠭᠳᠡᠭᠦᠯᠬᠦ︾ ᠬᠥᠳᠡᠯᠭᠡᠬᠦ ᠬᠦᠴᠦᠨ ᠢ ᠪᠠᠰᠠ | ᠥᠷᠭᠡᠳᠬᠡᠬᠦ ᠴᠢᠬᠤᠯᠠᠲᠠᠶ᠂ ᠲᠦᠷᠦᠯ ᠵᠦᠢᠯ ᠳᠤ ᠶᠡᠬᠡᠪᠡᠷ ᠠᠳᠬᠤᠭᠠᠳ ᠢᠯᠡᠳᠳᠠ ᠠᠮᠵᠢᠯᠳᠠ ᠤᠯᠤᠭᠰᠠᠨ ᠪᠤᠯᠪᠠᠴᠦ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠳᠠᠪᠦᠷᠢ ᠶᠢ ᠪᠠᠳᠠᠷᠠᠭᠤᠯᠬᠤ ᠪᠠᠷ ᠬᠦᠷᠦᠯᠴᠡᠬᠦ ᠥᠬᠡᠶ᠂ ᠠᠵᠦ | ᠦᠯᠡᠰ ᠤᠨ ᠭᠦᠭᠵᠢᠯᠳᠠ ᠳᠤ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠤᠨ ᠲᠤᠯᠭᠠᠭᠤᠷᠢᠯᠠᠯ ᠲᠤᠳᠠᠭᠳᠠᠵᠦ | ᠪᠠᠶᠢᠨ᠎ᠠ︔ ︽ᠬᠡᠷᠡᠭᠰᠡᠭᠦ︾ ᠬᠠᠩᠭᠠᠯᠭ᠎ᠠ ᠶᠢ ᠪᠠᠰᠠ ᠰᠢᠯᠢᠳᠡᠭᠵᠢᠭᠦᠯᠬᠦ ᠴᠢᠬᠤᠯᠠᠲᠠᠶ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠬᠡᠳᠦᠶᠢᠪᠡᠷ ᠦᠷᠭᠦᠯᠵᠢᠯᠡᠨ ᠲᠤᠭᠳᠠᠭᠤᠨ ᠢᠶᠠᠷ ᠲᠡᠬᠡᠭᠰᠢᠯᠡᠭᠰᠡᠨ ᠪᠤᠯᠪᠠᠴᠦ ᠬᠤᠳᠠ ᠭᠦᠳᠡᠭᠡ ᠶᠢᠨ | ᠰᠠᠭᠤᠷᠢ ᠲᠦᠭᠦᠬᠡᠷᠦᠮᠵᠢ ᠶᠢᠨ ᠪᠦᠳᠦᠬᠡᠨ ᠪᠠᠶᠢᠭᠤᠯᠤᠳᠠ᠂ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ | ᠬᠠᠮᠢᠶᠠᠷᠤᠯᠳᠠ ᠳᠤ ᠪᠠᠰᠠ ᠲᠤᠳᠠᠭᠤᠳᠠᠯ ᠤᠷᠤᠰᠢᠵᠦ᠂ ᠰᠤᠷᠭᠠᠨ ᠭᠦᠮᠦᠵᠢᠯ᠂ ᠡᠮ ᠡᠮᠨᠡᠯᠬᠡ ᠵᠡᠷᠬᠡ ᠤᠯᠠᠨ ᠨᠠᠶᠢᠳᠠ | ᠶᠢᠨ ᠦᠢᠯᠡᠴᠢᠯᠡᠬᠡᠨ ᠤ ᠬᠠᠩᠭᠠᠯᠭ᠎ᠠ ᠨᠢ ᠤᠯᠠᠨ ᠲᠦᠮᠡᠨ ᠤ ᠭᠦᠰᠡᠯ ᠡᠷᠡᠮᠡᠯᠵᠡᠯ ᠲᠠᠢ ᠪᠠᠰᠠ ᠵᠦᠷᠢᠶ᠎ᠡ ᠲᠠᠢ | ᠪᠠᠶᠢᠭᠰᠠᠭᠠᠷ︔ ︽ᠠᠵᠢᠯᠯᠠᠬᠤ︾ ᠰᠤᠷᠲᠠᠯ ᠢ ᠪᠠᠰᠠ ᠴᠢᠩᠭᠠᠳᠬᠠᠬᠤ ᠴᠢᠬᠤᠯᠠᠲᠠᠶ᠂ ᠰᠤᠷᠲᠠᠯ ᠤᠨ ᠪᠠᠶᠢᠭᠤᠯᠤᠯᠲᠠ ᠶᠢ | ᠬᠡᠳᠦ᠋ᠢᠪᠡᠷ ᠦᠷᠭᠦᠯᠵᠢᠯᠡᠨ ᠴᠢᠩᠭ᠎ᠠ ᠰᠠᠶᠢᠵᠢᠷᠠᠭᠤᠯᠬᠤ ᠴᠢᠬᠤᠯᠠᠲᠠᠶ ᠪᠣᠯᠪᠠᠴᠤ ᠵᠠᠷᠢᠮ ᠴᠦᠬᠡᠨ ᠲᠤᠭᠠᠨ ᠤ ᠺᠠᠳ᠋ᠷᠴᠤᠳ | ᠮᠥᠨ ᠯᠡ ᠲᠡᠷᠢᠭᠦᠨ ᠤ ᠡᠩᠨᠡᠭᠡᠨ ᠳᠤ ᠣᠷᠣᠬᠤ ᠪᠠᠷ ᠲᠡᠮᠡᠴᠡᠬᠦ ᠣᠮᠤᠭ ᠵᠣᠷᠢᠭ ᠪᠠ ᠡᠭᠦᠷᠭᠡᠯᠡᠯ ᠢᠶᠠᠷ ᠳᠤᠲᠠᠮᠠᠭ | ᠪᠠᠶᠢᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠠᠷᠭ᠎ᠠ ᠬᠦᠴᠦᠲᠡᠶ ᠪᠢᠰᠢ᠂ ᠰᠢᠨ᠎ᠡ ᠶᠢ ᠡᠭᠦᠳᠬᠦ | ᠰᠢᠪᠲᠤᠯᠤᠯᠲᠠ ᠶᠢᠨ ᠦᠷ᠎ᠡ ᠪᠦᠲᠦᠮᠵᠢ ᠨᠢ ᠢᠯᠡᠷᠬᠡᠶ ᠪᠢᠰᠢ ᠪᠠᠶᠢᠨ᠎ᠠ᠃ ᠡᠭᠦᠨ ᠳᠤ ᠪᠢᠳᠡ ᠵᠠᠶᠢᠯᠠᠬᠤ ᠦᠭᠡᠢ᠂ | ᠨᠢᠭᠤᠬᠤ ᠦᠭᠡᠢ᠂ ᠴᠠᠯᠠᠭᠠᠶᠢᠷᠠᠬᠤ ᠦᠭᠡᠢ ᠪᠠᠶᠢᠵᠤ᠂ ᠬᠠᠷᠠᠯᠲᠠ ᠲᠠᠢ ᠪᠠᠷ ᠬᠦᠴᠦᠯᠡᠵᠦ᠂ ᠣᠨᠣᠪᠴᠢᠲᠠᠶ ᠠᠷᠭ᠎ᠠ | ᠪᠣᠳᠣᠯᠭ᠎ᠠ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ︕ |