ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2024/1/17
       — 2024  ᠣᠨ ᠤ  1 ᠰᠠᠷ᠎ᠠ  ᠶᠢᠨ 12 ᠤᠨ ᠡᠳᠦᠷ  ᠬᠦᠷᠢᠶ᠎ᠡ  ᠬᠤᠰᠢᠭᠤᠨ ᠤ  ᠠᠷᠪᠠᠨ            ᠳᠣᠯᠣᠳᠤᠭᠠᠷ   ᠬᠤᠭᠤᠴᠠᠭᠠᠨ ᠤ  ᠠᠷᠠᠳ ᠤᠨ  ᠲᠥᠯᠥᠭᠡᠯᠡᠭᠴᠢᠳ ᠤᠨ  ᠶᠡᠭᠡ  ᠬᠤᠷᠠᠯ ᠤᠨ            ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ  ᠳᠡᠭᠡᠷ᠎ᠡ              ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ  ᠸᠠᠩ ᠸᠧᠶ    ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ᠲᠥᠯᠥᠭᠡᠯᠡᠭᠴᠢᠳ ᠡ᠂ ᠲᠦᠪ ᠭᠤᠤᠯᠴᠢ ᠪᠠᠷ ᠵᠠᠰᠠᠭ ᠪᠠᠷᠢᠬᠤ ᠳᠤ ᠦᠢᠯᠡ ᠠᠵᠢᠯᠯᠠᠭ᠎ᠠ ᠨᠢ ᠦᠬᠡ ᠶᠠᠷᠢᠶ᠎ᠠ  ᠠᠴᠠ ᠲᠠᠪᠠᠭ᠋ᠤ ᠶᠤᠮ᠃ ᠪᠢᠳᠡ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ ᠰᠤᠷᠲᠠᠯ ᠢᠶᠠᠷ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠦᠬᠦ ᠲᠠᠯ᠎ᠠ ᠪᠠᠷ ᠬᠥᠭᠵᠢᠭᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃     ᠪᠠᠷᠢᠮᠵᠢᠶ᠎ᠠ ᠲᠠᠢ ᠬᠠᠷᠢᠴᠠᠭᠤᠯᠵᠤ ᠬᠦᠰᠦᠨᠦᠭᠲᠦ ᠲᠠᠢ ᠬᠠᠷᠭᠤᠭᠤᠯᠵᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠵᠢᠯ ᠢ ᠶᠡᠷᠦᠩᠬᠡᠶᠢᠯᠡᠨ ᠡᠵᠡᠮᠳᠡᠵᠦ᠂ ︽ᠤᠯᠤᠰ ᠤᠨ ᠠᠤᠭ᠎ᠠ ᠵᠢᠳᠭᠦᠯᠳᠡᠨ︾ ᠢ ᠢᠮᠠᠭᠲᠠ ᠪᠠᠲᠤ ᠴᠡᠭᠡᠵᠢᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠲᠡᠬᠡᠭᠰᠢᠯᠡᠭᠦᠯᠦᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠤᠯᠬᠤ ᠶᠢ ᠪᠠᠳᠤᠯᠠᠨ᠎ᠠ᠃     ᠦᠨᠡᠨ ᠪᠣᠳᠠᠲᠠᠢ ᠶᠢ ᠡᠷᠬᠢᠮᠯᠡᠵᠦ ᠠᠵᠢᠯ ᠤᠨ ᠰᠤᠷᠲᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠠᠷᠠᠴᠠ᠂ ᠥᠭᠡᠷᠡᠴᠢᠯᠡᠯᠲᠡ ᠶᠢᠨ ᠠᠷᠭ᠎ᠠ᠂ ᠥᠨᠳᠥᠷ ᠪᠦᠲᠦᠮᠵᠢᠲᠡᠶ ᠲᠣᠭᠲᠠᠴᠠ᠂ ᠰᠢᠨ᠎ᠡ ᠶᠢ ᠡᠭᠦᠳᠭᠦ ᠠᠷᠭ᠎ᠠ ᠪᠠᠷᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠤᠰᠢᠭᠤ ᠱᠠᠯᠠᠮᠠᠭᠠᠶ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠶ ᠪᠠᠷ  ᠰᠠᠶᠢᠲᠤᠷ  ᠬᠢᠵᠦ  ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ ᠣᠷᠳᠣᠨ ᠤ  ᠠᠵᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠪᠠᠬᠢ ᠪᠤᠢ ᠪᠣᠯᠭᠠᠵᠤ᠂ ᠠᠷᠠᠳ ᠤᠯᠠᠨ ᠤ ᠰᠡᠳᠬᠢᠯ ᠢᠶᠠᠷ ᠰᠡᠳᠬᠢᠯ ᠪᠣᠯᠭᠠᠵᠤ᠂ ᠠᠷᠠᠳ ᠤᠯᠠᠨ ᠤ ᠲᠦᠯᠦᠬᠡ ᠤᠴᠢᠷ ᠶᠠᠪᠤᠳᠠᠯ ᠢ ᠪᠦᠳᠦᠬᠡᠵᠦ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠤ ᠪᠠᠶᠠᠷᠯᠠᠭᠤᠰᠢᠲᠠᠢ ᠪᠣᠳᠠᠲᠠᠢ ᠶᠠᠪᠤᠳᠠᠯ ᠢ ᠰᠠᠶᠢᠲᠤᠷ ᠬᠢᠨ᠎ᠠ᠃ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠶᠢ ᠭᠦᠬᠡᠬᠡᠴᠡᠯᠳᠤᠵᠦ ᠬᠤᠪᠢᠷᠠᠯᠲᠠ ᠶᠢ ᠭᠦᠬᠡᠬᠡᠴᠡᠯᠳᠦᠭᠦ  ᠳᠡᠭᠡᠨ ᠴᠢᠷᠮᠠᠶᠢᠶ᠎ᠠ᠂ ᠵᠣᠷᠢᠭᠲᠠᠶ ᠪᠠᠷ ᠰᠢᠪᠲᠤᠯᠤᠯᠲᠠ ᠬᠢᠵᠦ᠂ ᠵᠣᠷᠢᠭᠲᠠᠶ ᠪᠠᠷ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠵᠤ᠂ ᠭᠠᠭᠴᠠ ᠬᠦ ᠲᠤᠭ ᠢ ᠪᠤᠯᠢᠶᠠᠵᠦ᠂ ᠤᠴᠢᠷ ᠶᠠᠪᠤᠳᠠᠯ ᠢ ᠲᠠᠷᠢᠭᠦᠨ ᠳᠤ ᠲᠠᠯᠪᠢᠬᠤ  ᠪᠠᠷ ᠲᠡᠮᠡᠴᠡᠨ᠎ᠡ᠃     ᠬᠠᠤᠯᠢ ᠲᠣᠭᠲᠠᠭᠠᠯ ᠶᠣᠰᠣᠭᠠᠷ ᠬᠠᠤᠯᠢ ᠪᠠᠷ ᠵᠠᠰᠠᠬᠤ ᠶᠢ ᠭᠦᠨᠵᠡᠭᠡᠢ ᠬᠡᠷᠡᠭᠵᠢᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ᠂ ᠬᠠᠤᠯᠢᠵᠢᠯ ᠤᠨ ᠬᠦᠷᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂  ᠪᠦᠬᠦ  ᠤᠯᠤᠰ ᠤᠨ  ᠬᠠᠤᠯᠢ ᠶᠢ  ᠰᠠᠬᠢᠵᠤ  ᠬᠠᠤᠯᠢ  ᠴᠠᠭᠠᠵᠠ ᠶᠢ  ᠲᠦᠭᠡᠮᠡᠯᠵᠢᠭᠦᠯᠬᠦ  ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ  ᠭᠦᠢᠴᠡᠳᠬᠡᠨ᠎ᠡ᠃  ᠵᠠᠰᠠᠭ ᠤᠨ  ᠶᠠᠪᠤᠳᠠᠯ ᠢ  ᠢᠯᠡ  ᠪᠣᠯᠭᠠᠬᠤ ᠶᠢ  ᠦᠷᠭᠦᠯᠵᠢᠯᠡᠨ  ᠭᠦᠨᠵᠡᠭᠡᠶᠢᠷᠡᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠡᠷᠬᠡ ᠶᠢᠨ ᠠᠵᠢᠯᠯᠠᠭᠠᠨ ᠢ ᠨᠡᠩ ᠢᠯᠡ ᠲᠣᠳᠣ ᠪᠣᠯᠭᠠᠨ᠎ᠠ᠃     ᠠᠷᠢᠭᠤᠨ ᠴᠢᠬᠡᠴᠢ ᠮᠥᠨ ᠴᠢᠨᠠᠷ ᠢ ᠴᠢᠩᠭ᠎ᠠ ᠪᠣᠳᠠᠲᠠᠢ ᠪᠠᠲᠤ ᠰᠠᠬᠢᠨ᠎ᠠ᠃ ᠴᠢᠩᠭ᠎ᠠ ᠦᠨᠳᠦᠰᠦᠨ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ  ᠤᠷᠴᠢᠨ ᠲᠤᠭᠤᠷᠢᠨ ᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠬᠦ ᠪᠡᠶ᠎ᠡ ᠪᠠᠨ ᠴᠢᠩᠭ᠎ᠠ ᠱᠠᠭᠠᠷᠳᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠬᠡᠯᠡᠵᠦ᠂  ᠬᠠᠷᠢᠶᠠᠯᠠᠭᠳᠠᠭᠰᠠᠳ ᠪᠠᠨ ᠴᠢᠩᠭ᠎ᠠ ᠬᠠᠮᠢᠶᠠᠷᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠨ᠎ᠠ᠃ ᠱᠠᠯᠢᠨ ᠪᠦᠷᠢᠯᠭᠡᠬᠦ ᠶᠢ ᠡᠷᠡᠰ ᠡᠰᠡᠷᠭᠦᠴᠡᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠡᠷᠬᠢᠮᠯᠡᠵᠦ᠂ ᠬᠢᠵᠠᠭᠠᠷ ᠲᠠᠢ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠦᠨᠡᠨ ᠬᠦ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ︽ᠲᠠᠬᠢᠨ ᠳᠡᠭᠡᠭᠰᠢᠯᠡᠭᠦᠯᠬᠦ︾᠂ ᠤᠯᠠᠨ ᠲᠦᠮᠡᠨ ᠤ ᠮᠡᠳᠡᠷᠡᠭᠰᠡᠨ ︽ᠰᠠᠶᠢᠨ ᠮᠠᠭᠲᠠᠭᠠᠯ︾ ᠢ  ᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号