ᠶᠠᠩᠰᠢᠪ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠤᠨ ︽ᠲᠣᠰᠬᠤᠨ ᠤ ᠦᠳᠡᠰᠢᠯᠡᠭᠡ︾ ᠶᠢᠨ ᠲᠠᠪᠴᠠᠩ ᠳᠤ ᠰᠠᠭᠤᠭᠠᠯᠢ ᠠᠷᠠᠳ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠪᠡ
ᠨᠡᠶᠢᠲᠡᠯᠡᠭᠰᠡᠨ ᠴᠠᠭ᠄
2024/1/18
   ᠤᠶᠢᠷ᠎ᠠ ᠳᠤ᠂ ᠶᠠᠩᠰᠢᠪ ᠨᠡᠶᠢᠭᠡᠮ ᠲᠣᠭᠤᠷᠢᠭ ︽ᠲᠣᠰᠬᠤᠨ ᠤ ᠦᠳᠡᠰᠢᠯᠡᠭᠡ︾ ᠶᠢᠨ ᠬᠠᠮᠲᠤᠷᠠᠭᠰᠠᠨ ᠲᠣᠭᠯᠠᠯᠲᠠ ᠭᠠᠷᠭᠠᠵᠤ᠂ 200 ᠰᠢᠬᠠᠮ ᠰᠠᠭᠤᠭᠠᠯᠢ ᠠᠷᠠᠳ ᠨᠢᠭᠡ ᠲᠠᠩᠬᠢᠮ ᠳᠤ ᠴᠤᠭᠯᠠᠷᠠᠵᠤ᠂ ᠰᠢᠨ᠎ᠡ ᠵᠢᠯ ᠢᠶᠠᠨ ᠬᠠᠮᠲᠤ ᠪᠠᠷ ᠪᠡᠯᠭᠡᠯᠡᠪᠡ᠃ ᠦᠳᠡᠰᠢᠯᠡᠭᠡ ᠨᠢ ︽ᠦᠨᠳᠦᠰᠦᠲᠡᠨ ᠤ ᠶᠡᠭᠡ ᠪᠦᠯᠬᠦᠮᠳᠡᠯ︾ ᠭᠡᠬᠦ ᠪᠦᠵᠢᠭ ᠢᠶᠠᠷ ᠬᠥᠰᠢᠭᠡ ᠪᠠᠨ ᠰᠡᠬᠦᠵᠦ᠂ ᠳᠠᠭᠤᠤ ᠪᠥᠵᠢᠭ ︽ᠳᠤᠮᠳᠠᠳᠤ ᠶᠢᠨ ᠵᠡᠭᠦᠳᠦ︾᠂ ᠠᠷᠠᠳ ᠤᠨ ᠬᠥᠭᠵᠢᠮ ᠤᠨ ᠨᠠᠶᠢᠷᠠᠯ ᠬᠥᠭᠵᠢᠮ ᠵᠡᠷᠭᠡ ᠣᠯᠠᠨ ᠰᠠᠶᠢᠬᠠᠨ ᠲᠣᠭᠯᠠᠯᠲᠠ ᠡᠭᠡᠯᠵᠢᠯᠡᠨ ᠲᠠᠯᠠᠪᠠᠶ ᠳᠤ ᠭᠠᠷᠴᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠠᠭᠠᠨ ᠰᠠᠷ᠎ᠠ ᠪᠠᠨ ᠪᠠᠶᠠᠷᠯᠠᠨ ᠤᠭᠲᠤᠬᠤ᠂ ᠵᠣᠷᠢᠭᠲᠠᠶ ᠪᠠᠷ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠤᠷᠠᠨ ᠰᠠᠶᠢᠬᠠᠨ ᠤ ᠲᠣᠭᠯᠠᠯᠲᠠ ᠨᠢ ᠪᠠᠰᠠ ︽ᠳᠡᠷᠭᠡᠳᠡᠬᠢ ᠰᠠᠶᠢᠨ ᠬᠥᠮᠦᠨ︾᠂ ︽ᠪᠣᠯᠪᠠᠰᠤᠨ ᠭᠡᠷ ᠪᠦᠯᠢ︾᠂ ︽ᠰᠠᠶᠢᠨ ᠬᠠᠳᠠᠮ ᠡᠵᠢ︾ ᠵᠡᠷᠭᠡ ᠵᠢᠱᠢᠶᠡᠴᠢ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号