ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ  ᠪᠣᠯ ᠣᠯᠠᠨ ᠲᠦᠮᠡᠨ ᠤ ᠳᠡᠷᠭᠡᠳᠡᠬᠢ ︽ᠵᠣᠯ ᠵᠢᠷᠭᠠᠯ ᠤᠨ ᠥᠷᠲᠡᠭᠡ︾ ᠮᠦᠨ
ᠨᠡᠶᠢᠲᠡᠯᠡᠭᠰᠡᠨ ᠴᠠᠭ᠄
2024/1/25
   ᠬᠦᠷᠢᠶ᠎ᠡ ᠬᠤᠰᠢᠭᠤ ᠨᠠᠰᠤᠲᠠᠶᠢᠴᠤᠳ ᠤᠨ ᠬᠡᠷᠡᠭᠴᠡᠭᠡ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ︽ᠨᠠᠰᠤᠲᠠᠶᠢᠴᠤᠳ︾ ᠲᠤ ᠦᠢᠯᠡᠴᠢᠯᠡᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠢ ᠦᠨᠡᠨ ᠬᠦ ᠪᠠᠶᠠᠷ ᠴᠡᠩᠭᠡᠯ ᠲᠠᠢ᠂ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ ᠪᠠᠶᠢᠯᠭᠠᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃
    ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠨᠠᠰᠤᠲᠠᠢᠴᠤᠳ ᠲᠤ ᠬᠠᠮᠲᠤ ᠶᠢᠨ ᠲᠥᠷᠥᠭᠰᠡᠨ ᠡᠳᠦᠷ ᠤᠨ ᠪᠠᠶᠠᠷ ᠢ ᠨᠢ ᠪᠡᠯᠭᠡᠯᠡᠵᠦ ᠪᠠᠶᠢᠭ᠎ᠠ ᠨᠢ᠃     ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠳᠤ᠂ ᠨᠢᠭᠡ ᠲᠠᠯᠠᠪᠠᠢ ᠨᠠᠰᠤᠲᠠᠶᠢᠴᠤᠳ ᠤᠨ ᠬᠠᠮᠲᠤ ᠶᠢᠨ ᠲᠥᠷᠥᠭᠰᠡᠨ ᠡᠳᠦᠷ ᠤᠨ ᠪᠠᠶᠠᠷ ᠤᠨ ᠨᠠᠶᠢᠷ ᠶᠠᠭ ᠰᠠᠶᠢᠬᠠᠨ ᠶᠠᠪᠤᠭᠳᠠᠵᠤ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠪᠣᠯᠤᠨ ᠲᠦᠩᠯᠢᠶᠣᠤ ᠬᠤᠲᠠ ᠶᠢᠨ ᠵᠧᠩ ᠲᠦᠩ ᠨᠡᠶᠢᠭᠡᠮ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠬᠠᠮᠲᠤ ᠪᠠᠷ ᠬᠠᠷᠢᠶᠠᠲᠤ ᠣᠷᠣᠨ ᠤ ᠪᠠᠨ 8 ᠨᠠᠰᠤᠲᠠᠶᠢᠴᠤᠳ ᠲᠤ ᠬᠠᠮᠲᠤ ᠶᠢᠨ ᠲᠥᠷᠥᠭᠰᠡᠨ ᠡᠳᠦᠷ ᠤᠨ ᠪᠠᠶᠠᠷ ᠢ ᠪᠡᠯᠭᠡᠯᠡᠵᠦ ᠪᠠᠶᠢᠯ᠎ᠠ᠃ ᠣᠯᠠᠨ ᠢᠶᠠᠷ ᠢᠶᠠᠨ ᠨᠠᠷᠢᠨ ᠨᠢᠮᠪᠠᠶ ᠲᠣᠬᠢᠷᠠᠭᠤᠯᠤᠨ ᠴᠢᠮᠡᠵᠦ᠂ ᠨᠠᠰᠤᠲᠠᠶᠢᠴᠤᠳ ᠲᠠᠢ ᠬᠠᠮᠲᠤ ᠤᠰᠤᠨ ᠳᠡᠭᠡᠷ᠎ᠡ ᠫᠢᠩᠫᠠᠩ ᠪᠥᠮᠪᠦᠭᠡ ᠨᠠᠭᠠᠳᠬᠤ᠂ ᠬᠡᠩᠭᠡᠷᠭᠡ  ᠲᠤᠭᠰᠢᠨ ᠴᠡᠴᠡᠭ ᠳᠠᠮᠵᠢᠭᠤᠯᠬᠤ ᠵᠡᠷᠭᠡ ᠣᠬᠤᠷ ᠲᠣᠭᠯᠠᠭᠠᠮ ᠢ ᠲᠣᠭᠯᠠᠵᠤ᠂ ᠠᠬᠤᠢ ᠪᠠᠶᠢᠳᠠᠯ ᠨᠢ ᠬᠠᠯᠠᠭᠤᠨ ᠲᠣᠳᠤᠨᠤᠰᠤᠭ ᠪᠥᠭᠡᠳ ᠰᠠᠶᠢᠨ ᠰᠠᠶᠢᠬᠠᠨ ᠪᠠᠶᠢᠯ᠎ᠠ᠃ ︽ᠥᠨᠥᠳᠦᠷ ᠪᠢᠳᠡ ᠮᠠᠰᠢ ᠪᠠᠶᠠᠷ ᠬᠥᠷ ᠲᠠᠢ ᠪᠠᠶᠢᠨ᠎ᠠ᠂ ᠡᠲᠡᠭᠡᠷ ᠵᠠᠯᠠᠭᠤ ᠨᠡᠶᠢᠭᠡᠮ ᠤᠨ ᠠᠵᠢᠯᠲᠠᠳ ᠪᠢᠳᠡᠨ ᠳᠤ ᠮᠠᠷᠲᠠᠭᠳᠠᠰᠢ ᠦᠭᠡᠢ ᠲᠦᠷᠦᠭᠰᠡᠨ ᠡᠳᠦᠷ ᠤᠨ ᠪᠠᠶᠠᠷ ᠢ ᠪᠡᠯᠡᠭᠯᠡᠵᠦ ᠥᠭᠭᠦᠭᠰᠡᠨ ᠳᠤ ᠲᠠᠯᠠᠷᠬᠠᠵᠤ ᠪᠠᠶᠢᠨ᠎ᠠ︾ ᠭᠡᠵᠦ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠵᠢᠩ ᠢᠦᠢ ᠪᠠᠶ᠋ᠷᠠᠲᠠᠶᠢᠬᠠᠨ ᠬᠡᠯᠡᠨ᠎ᠡ᠃    ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠦᠷᠳᠡᠭᠡ 2023 ᠣᠨ ᠤ 9 ᠰᠠᠷ᠎ᠠ ᠳᠤ ᠪᠠᠶᠢᠭᠤᠯᠤᠭᠳᠠᠭᠰᠠᠨ ᠠᠴᠠ ᠨᠠᠰᠢ᠂ ︽ᠨᠡᠶᠢᠭᠡᠮ ᠲᠤᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠤᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠪᠠᠷ ᠭᠠᠷᠳᠠᠴᠠ ᠪᠣᠯᠭᠠᠵᠤ᠂ ︽ᠨᠠᠰᠤᠲᠠᠨ ᠪᠠ ᠵᠢᠭᠠᠯ︾ ᠣᠨᠴᠠᠭᠠᠢ ᠬᠠᠮᠲᠤᠯᠢᠭ ᠢ ᠭᠤᠣᠯᠳᠠᠯᠭ᠎ᠠ ᠲᠠᠢ ᠬᠠᠯᠠᠮᠵᠢᠯᠠᠨ ᠬᠠᠶᠢᠷᠠᠯᠠᠵᠤ᠂ ᠬᠦᠴᠢᠷᠲᠡᠢ ᠶᠢ ᠬᠠᠪᠰᠤᠷᠤᠨ ᠪᠠᠭᠤᠷᠠᠶ ᠶᠢ ᠲᠡᠳᠬᠦᠬᠦ᠂ ᠤᠶᠤᠨ ᠰᠠᠨᠠᠭᠠᠨ ᠤ ᠬᠠᠶᠢᠷ᠎ᠠ ᠬᠠᠯᠠᠮᠵᠢ᠂ ᠡᠷᠬᠡ ᠠᠰᠢᠭ ᠢ ᠬᠠᠮᠠᠭᠠᠯᠠᠬᠤ᠂ ᠲᠥᠭᠰᠢᠭᠦᠷᠢ ᠶᠢ ᠬᠢᠨᠠᠬᠤ᠂ ᠴᠢᠳᠠᠪᠤᠷᠢ ᠶᠢᠨ ᠪᠠᠶᠢᠭᠤᠯᠤᠯᠲᠠ᠂ ᠡᠬᠢ ᠪᠠᠶᠠᠯᠢᠭ ᠤᠨ ᠬᠤᠯᠪᠣᠭ᠎ᠠ ᠵᠡᠷᠭᠡ ᠨᠡᠶᠢᠭᠡᠮ ᠤᠨ ᠠᠵᠢᠯ ᠤᠨ ᠦᠢᠯᠡᠴᠢᠯᠡᠭᠡ ᠬᠠᠩᠭᠠᠵᠤ᠂ ᠪᠠᠭᠤᠷᠠᠶᠢᠴᠤᠤᠯ ᠢ ᠬᠠᠪᠰᠤᠷᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ᠃
   ᠡᠷᠡᠭᠦᠯᠵᠢᠭᠦᠯᠬᠦ ᠡᠮᠴᠢᠯᠡᠭᠡᠨ ᠤ ᠠᠵᠢᠯᠲᠠᠨ ᠨᠠᠰᠤᠲᠠᠨ ᠳᠤ ᠡᠷᠡᠭᠦᠯᠵᠢᠯ ᠤᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠠᠶᠢᠭ᠎ᠠ ᠨᠢ᠃    ᠨᠠᠰᠤᠲᠠᠢᠴᠤᠳ ᠤᠨ ᠬᠡᠷᠡᠭᠴᠡᠭᠡ ᠶᠢ ᠬᠦᠯᠢᠶᠡᠨ ᠠᠪᠴᠤ᠂ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠡᠨᠡ ᠵᠢᠯ 70 ᠨᠠᠰᠤᠲᠠᠶ ᠯᠢᠦ ᠹᠧᠩ ᠰᠢᠶᠠ ᠶᠢᠨ ᠭᠡᠷ ᠨᠢ ᠰᠢᠶᠠᠨᠵᠢᠨ ᠰᠤᠮᠤᠨ ᠳᠤ ᠰᠠᠭᠤᠵᠤ᠂ ᠡᠪᠦᠯ ᠤᠨ ᠤᠯᠠᠷᠢᠯ ᠪᠣᠯᠬᠤ ᠪᠦᠷᠢ ᠬᠥᠯ ᠨᠢ ᠡᠪᠡᠳᠬᠦ ᠡᠪᠡᠳᠴᠢᠨ ᠳᠤ ᠭᠠᠴᠢᠭᠳᠠᠭᠤᠯᠵᠤ ᠪᠠᠶᠢᠵᠠᠢ᠂ ᠡᠨᠡ ᠡᠳᠦᠷ ᠶᠠᠭ ᠡᠷᠡᠭᠦᠯᠵᠢᠯ ᠤᠨ ᠡᠮᠨᠡᠨ ᠵᠠᠰᠠᠭᠴᠢ ᠰᠢᠶᠠᠨᠵᠢᠨ ᠰᠤᠮᠤ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠳᠤ ᠢᠷᠡᠵᠦ ᠰᠠᠷ᠎ᠠ ᠪᠦᠷᠢ ᠨᠢᠭᠡ ᠤᠳᠠᠭ᠎ᠠ ᠡᠷᠡᠭᠦᠯᠵᠢᠭᠦᠯᠬᠦ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ ᠪᠠᠶᠢᠬᠤ ᠲᠠᠢ ᠲᠠᠭᠠᠷᠠᠯᠳᠤᠵᠤ᠂ ᠨᠠᠰᠤᠲᠠᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ᠂ ᠨᠢᠭᠡ ᠳᠤ ᠨᠢᠭᠡ ᠪᠠᠷ ᠡᠷᠡᠭᠦᠯᠵᠢᠭᠦᠯᠬᠦ ᠵᠢᠯᠣᠭᠤᠳᠤᠯᠭ᠎ᠠ ᠪᠠ ᠡᠷᠡᠭᠦᠯᠵᠢᠭᠦᠯᠬᠦ ᠹᠢᠽᠢᠺ ᠵᠠᠰᠠᠯ ᠵᠡᠷᠭᠡ ᠦᠢᠯᠡᠴᠢᠯᠡᠭᠡ ᠬᠦᠷᠲᠡᠭᠰᠡᠨ ᠪᠠᠶᠢᠨ᠎ᠠ᠃ ︽ᠡᠪᠡᠳᠴᠢᠨ ᠡᠮᠭᠡᠭ᠂ ᠰᠢᠷᠬᠠᠲᠤᠭᠰᠠᠨ ᠪᠤᠶᠤ ᠮᠡᠰᠡ ᠵᠠᠰᠠᠯ ᠠᠴᠠ ᠪᠣᠯᠤᠭᠰᠠᠨ ᠪᠡᠶ᠎ᠡ ᠮᠠᠬᠠᠪᠣᠳ ᠤᠨ ᠴᠢᠳᠠᠪᠤᠷᠢ ᠠᠯᠠᠳᠠᠭᠰᠠᠨ ᠴᠤ ᠲᠡᠷᠡ᠂ ᠡᠰᠡᠬᠦᠯ᠎ᠡ ᠰᠡᠳᠬᠢᠴᠡ ᠶᠢᠨ ᠠᠰᠠᠭᠤᠳᠠᠯ ᠪᠤᠶᠤ ᠤᠶᠤᠨ ᠮᠡᠳᠡᠷᠡᠯ ᠤᠨ ᠡᠪᠡᠳᠴᠢᠨ ᠠᠴᠠ ᠪᠣᠯᠤᠭᠰᠠᠨ ᠭᠠᠴᠢᠭᠳᠠᠯ ᠨᠢ ᠪᠦᠷ ᠡᠷᠡᠭᠦᠯᠵᠢᠵᠦ ᠪᠣᠯᠬᠤ ᠶᠤᠮ᠃ ᠡᠷᠡᠭᠦᠯᠵᠢᠭᠦᠯᠬᠦ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠪᠠᠷ ᠳᠠᠮᠵᠢᠭᠤᠯᠤᠨ᠂ ᠨᠠᠩ ᠣᠯᠠᠨ ᠰᠠᠭᠤᠭᠠᠯᠢ ᠠᠷᠠᠳ ᠲᠤ ᠡᠷᠡᠭᠦᠯᠵᠢᠭᠦᠯᠬᠦ ᠶᠢ ᠣᠶᠢᠯᠠᠭᠠᠭᠤᠯᠵᠤ᠂ ᠡᠷᠡᠭᠦᠯᠵᠢᠭᠦᠯᠬᠦ ᠶᠢᠨ ᠴᠢᠬᠤᠯᠠ ᠴᠢᠨᠠᠷ ᠢ ᠲᠠᠨᠢᠭᠤᠯᠤᠨ᠎ᠠ︾ ᠭᠡᠵᠦ ᠲᠥᠩᠯᠢᠶᠤᠤ ᠬᠤᠲᠠ ᠶᠢᠨ ᠵᠧᠩ ᠳᠤᠩ ᠨᠡᠶᠢᠭᠡᠮ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠵᠦ ᠬᠠᠢ ᠳ᠋ᠥᠩ ᠬᠡᠯᠡᠪᠡ᠃    ᠣᠶᠢᠷ᠎ᠠ ᠶᠢᠨ ᠵᠢᠯ ᠠᠴᠠ᠂ ᠬᠦᠷᠢᠶ᠎ᠡ ᠬᠤᠰᠢᠭᠤᠨ ᠤ ᠡᠯ᠎ᠡ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠦᠢᠯᠡᠴᠢᠯᠡᠭᠡᠨ ᠤ ᠪᠠᠲᠤᠯᠠᠭ᠎ᠠ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠬᠤ ᠪᠠᠷ ᠣᠯᠠᠨ ᠲᠦᠮᠡᠨ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠭᠠᠵᠤ᠂ ᠪᠣᠳᠠᠲᠠᠶ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ︽ᠲᠣᠮᠣ ᠮᠥᠷᠲᠡᠭᠡᠨ ᠪᠦᠷᠢᠨ︾ ᠠᠴᠠ ︽ᠲᠣᠮᠣ ᠮᠥᠷᠲᠡᠭᠡᠨ ᠪᠦᠷᠢᠨ ᠪᠦᠭᠡᠳ ᠪᠠᠭ᠎ᠠ ᠮᠥᠷᠲᠡᠭᠡᠨ ᠨᠠᠷᠢᠯᠢᠭ︾ ᠳᠠᠰᠢ ᠠᠮᠢᠳᠤᠯᠢᠭ ᠢᠶᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠬᠢᠷᠢ ᠲᠦᠪᠰᠢᠨ ᠪᠠ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠡᠷᠭᠡᠳᠡᠬᠢ ︽ᠵᠣᠯ ᠵᠢᠷᠭᠠᠯ ᠤᠨ ᠥᠷᠲᠡᠭᠡ︾ ᠶᠢ ᠦᠨᠡᠨ ᠬᠦ ᠪᠠᠶᠢᠭᠤᠯᠪᠠ᠃    2022 ᠣᠨ ᠤ 8 ᠳ᠋ᠤᠭᠠᠷ ᠰᠠᠷ᠎ᠠ ᠳᠤ ᠬᠦᠷᠢᠶ᠎ᠡ ᠬᠤᠰᠢᠭᠤᠨ ᠤ ᠨᠡᠶᠢᠭᠡᠮ ᠤᠨ ᠠᠵᠢᠯ ᠢ ᠡᠬᠢᠯᠡᠭᠦᠯᠦᠭᠰᠡᠨ ᠠᠴᠠ ᠨᠠᠰᠢ᠂ ᠰᠤᠮᠤ ᠰᠢᠶᠠᠩ ᠪᠠᠯᠭᠠᠰᠤᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢ ᠨᠡᠶᠢᠲᠡ 8 ᠪᠠᠶᠢᠭᠤᠯᠵᠤ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢ 4 ᠪᠠᠶᠢᠭᠤᠯᠪᠠ᠃ ᠣᠲᠣ ᠪᠣᠯᠲᠠᠯ᠎ᠠ᠂ ᠨᠡᠶᠢᠲᠡ ᠰᠠᠶᠢᠨ ᠳᠤᠷ᠎ᠠ ᠶᠢᠨ ᠦᠢᠯᠡᠴᠢᠯᠡᠭᠡᠨ 36 ᠲᠠᠯᠠᠪᠠᠶ᠂ ᠨᠡᠶᠢᠭᠡᠮ ᠲᠣᠭᠤᠷᠢᠭ ᠤᠨ 56 ᠲᠠᠯᠠᠪᠠᠶ ᠠᠵᠢᠯᠯᠠᠭ᠎ᠠ ᠥᠷᠨᠢᠭᠦᠯᠵᠦ᠂ 1200 ᠭᠠᠷᠤᠶ ᠬᠥᠮᠦᠨ ᠳᠤ ᠠᠰᠢᠭ ᠬᠦᠷᠲᠡᠭᠡᠪᠡ᠃    ᠬᠦᠷᠢᠶ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠡᠾᠦ᠋ᠸᠧ ᠶᠦᠨ ᠯᠢ᠄ ︽ᠲᠠᠷᠠᠭᠠᠴᠢ ᠶᠢᠨ ᠠᠯᠬᠤᠮ ᠳᠤ᠂ ᠬᠦᠷᠢᠶ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︿ᠨᠡᠶᠢᠭᠡᠮ ᠲᠤᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠤᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ﹀ ᠲᠣᠭᠲᠠᠴᠠ ᠳᠤᠤᠷ᠎ᠠ ᠨᠡᠶᠢᠭᠡᠮ ᠤᠨ ᠠᠵᠢᠯ ᠤᠨ ᠥᠷᠲᠡᠭᠡ ᠶᠢᠨ ᠡᠵᠡᠩᠨᠡᠯᠲᠡ ᠪᠠ ᠬᠠᠮᠢᠶᠠᠷᠤᠯᠲᠠ᠂ ᠨᠡᠶᠢᠭᠡᠮ ᠤᠨ ᠠᠵᠢᠯ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠬᠢᠭᠡᠳ ᠬᠠᠮᠢᠶᠠᠷᠤᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠢᠴᠢ ᠨᠡᠶᠢᠭᠡᠮ ᠲᠣᠭᠤᠷᠢᠭ ᠤᠨ ᠠᠵᠢᠯᠯᠠᠭ᠎ᠠ ᠶᠢ ᠲᠥᠰᠦᠪᠯᠡᠬᠦ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ︿ᠨᠠᠰᠤᠲᠠᠨ ᠢ ᠳᠡᠳᠭᠦᠨ ᠨᠢᠯᠬᠠᠰ ᠢ ᠬᠠᠷᠠᠭᠠᠯᠵᠠᠵᠤ ᠲᠠᠨ ᠳᠤ ᠬᠠᠨᠢ ᠪᠣᠯᠬᠤ﹀ ᠭᠡᠬᠦ ᠨᠡᠶᠢᠭᠡᠮ ᠤᠨ ᠠᠵᠢᠯ ᠤᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠣᠶ ᠪᠣᠯᠭᠠᠨ᠎ᠠ︾ ᠭᠡᠵᠦ ᠢᠯᠡᠷᠬᠡᠶᠢᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号