ᠰᠢ ᠶᠢᠨ ᠫᠢᠩ᠄ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠬᠦᠳᠡᠭᠡ ᠲᠤᠰᠬᠤᠨ ᠯᠠᠪᠳᠠᠢ ᠨᠡᠩ ᠭᠡᠭᠡᠨ | ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠤᠯᠤᠨ᠎ᠠ | | | | | | 15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ | ᠬᠤᠲᠠ ᠶᠢᠨ ᠳ᠋ᠦᠩ ᠱᠠᠨ ᠰᠢᠶᠠᠨ ᠤ ᠴᠧᠨ ᠴᠧᠩ ᠪᠠᠯᠭᠠᠰᠤᠨ ᠤ ᠤᠤ ᠵᠢᠶᠣᠣ ᠲᠣᠰᠬᠤᠨ ᠳᠤ ᠬᠦᠷᠴᠦ ᠰᠢᠨᠵᠢᠯᠡᠨ | ᠪᠠᠶᠢᠴᠠᠭᠠᠵᠤ᠂ ᠲᠣᠰᠬᠤᠨ ᠤ ᠭᠠᠷᠠᠮ ᠳᠤ ᠳᠠᠯᠠᠢ ᠶᠢᠨ ᠢᠳᠡᠭᠡᠨ ᠤ ᠬᠠᠲᠠᠭᠠᠮᠠᠯ ᠪᠣᠯᠤᠨ ᠵᠢᠭᠠᠰᠤᠨ ᠤ ᠭᠠᠷᠤᠯᠲᠠ ᠶᠢ | ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ ᠪᠠᠶᠢᠭ᠎ᠠ ᠪᠠᠶᠢᠳᠠᠯ ᠢ ᠣᠶᠢᠯᠠᠭᠠᠪᠠ᠃ 2001 ᠣᠨ ᠳᠤ᠂ ᠹᠦᠵᠢᠶᠠᠨ ᠮᠤᠵᠢ ᠳᠤ ᠠᠵᠢᠯᠯᠠᠵᠤ ᠪᠠᠶᠢᠭᠰᠠᠨ | ᠬᠤᠭᠤᠴᠠᠭᠠᠨ ᠳᠤ ᠪᠠᠨ ᠲᠡᠷᠡ ᠠᠳᠡ ᠢᠷᠡᠵᠦ ᠥᠩᠭᠡᠷᠡᠭᠰᠡᠨ ᠶᠤᠮ᠃ 23 ᠵᠢᠯ ᠤᠨ ᠳᠠᠷᠠᠭ᠎ᠠ᠂ ᠬᠥᠳᠡᠭᠡ | ᠲᠣᠰᠬᠤᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ᠂ ᠰᠢ ᠶᠢᠨ ᠫᠢᠩ ᠶᠡᠬᠡᠳᠡ ᠪᠠᠶᠠᠷᠯᠠᠪᠠ᠃ | ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠳᠠᠯᠠᠢ︾ | ᠳᠤ ᠲᠦᠰᠢᠭᠯᠡᠬᠦ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠬᠥᠳᠡᠭᠡ | ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ | ᠠᠮᠢᠳᠤᠷᠠᠬᠤ ᠪᠣᠯᠤᠨ᠎ᠠ᠃ ᠲᠠ ᠨᠠᠷ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠵᠥᠩᠨᠡᠶ᠎ᠡ | ᠭᠡᠵᠦ ᠰᠡᠳᠬᠢᠯ ᠳᠣᠭᠳᠣᠯᠤᠨ ᠬᠡᠯᠡᠪᠡ᠃ | ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ ︽ | ᠨᠣᠶᠠᠨ︾ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ | 15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ | ᠬᠤᠲᠠ ᠶᠢᠨ ᠳ᠋ᠦᠩ ᠱᠠᠨ ᠰᠢᠶᠠᠨ ᠤ ᠬᠥ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠬᠥ᠋ ᠸᠧᠨ | ᠴᠠᠩ ᠨᠥᠬᠦᠷ ᠤᠨ ᠰᠡᠳᠬᠢᠯ ᠳᠣᠭᠳᠣᠯᠤᠭᠤᠯᠤᠮ᠎ᠠ ᠦᠢᠯᠡ ᠬᠡᠷᠡᠭ ᠤᠳ ᠢ ᠣᠶᠢᠯᠠᠭᠠᠵᠤ᠂ ᠬᠥ᠋ ᠸᠧᠨ ᠴᠠᠩ | ᠨᠡᠷᠡᠮᠵᠢᠲᠦ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠦ᠋ ᠸᠧᠨ ᠴᠠᠩ ᠨᠥᠬᠦᠷ ᠹᠦᠵᠢᠶᠠᠨ ᠳᠤ ᠠᠯᠳᠠᠷ ᠴᠤᠤ ᠲᠠᠢ᠂ | ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠪᠠᠶᠢᠨ᠎ᠠ᠂ ᠲᠡᠷᠡ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠭ ᠲᠦᠮᠡᠨ ᠰᠢᠯᠢᠳᠡᠭ ᠤᠳᠤᠷᠢᠳᠬᠤ ᠺᠠᠳ᠋ᠷ ᠤᠨ ᠨᠢᠭᠡᠨ ᠲᠥᠯᠥᠭᠡᠯᠡᠭᠴᠢ ᠪᠣᠯᠤᠨ᠎ᠠ᠃ ᠪᠢᠳᠡ ᠲᠡᠭᠦᠨ ᠤ | ᠦᠢᠯᠡ ᠠᠵᠢᠯᠯᠠᠭ᠎ᠠ ᠠᠴᠠ ᠰᠣᠷᠣᠯᠴᠠᠬᠤ ᠳᠤ ᠪᠠᠨ᠂ ᠥᠨᠳᠥᠷ ᠥᠭᠡᠳᠡ ᠮᠡᠷᠡᠶᠢᠬᠦ ᠢᠶᠠᠷ ᠪᠠᠷᠠᠬᠤ ᠦᠭᠡᠢ᠂ ᠪᠠᠰᠠ | ᠮᠡᠷᠭᠡᠳ ᠢ ᠲᠠᠭᠠᠨ ᠰᠤᠷᠴᠤ᠂ ᠲᠡᠭᠦᠨ ᠲᠠᠢ ᠠᠳᠠᠯᠢ ᠪᠠᠷ ᠬᠥᠮᠦᠨ ᠪᠤᠯᠵᠤ᠂ ᠵᠠᠰᠠᠭ ᠪᠠᠷᠢᠵᠤ᠂ ︽ᠨᠢᠭᠡ ᠭᠠᠵᠠᠷ ᠲᠤ ︿ | ᠨᠣᠶᠠᠨ﹀ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ︾᠂ ᠭᠠᠭᠴᠠ ᠡᠨᠡ | ᠵᠠᠮ ᠢᠶᠠᠷ ᠵᠠᠮᠨᠠᠬᠤ ᠨᠢ ᠰᠠᠶ᠋ᠢ ᠬᠥᠮᠦᠨ ᠤ ᠶᠢᠷᠲᠢᠨᠴᠦ ᠶᠢᠨ ᠲᠥᠪ ᠶᠣᠰᠣ ᠶᠤᠮ ᠭᠡᠵᠡᠢ᠃ | | | |